| | | | ᠬᠥᠬᠡᠬᠤᠲᠠ ᠶᠢᠨ ᠬᠤᠶᠠᠳᠤᠭᠠᠷ ᠬᠤᠭᠤᠴᠠᠭᠠᠨ ᠤ ᠴᠠᠭᠠᠰᠤᠨ ᠰᠢᠪᠠᠭᠤᠨ ᠤ ᠤᠷᠠᠯᠢᠭ ᠤᠨ ᠤᠯᠠᠷᠢᠯ 4 ᠳ᠋ᠦ᠋ᠭᠡᠷ | ᠰᠠᠷ᠎ᠠ ᠶᠢᠨ 4 ᠤ ᠡᠳᠦᠷ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠭᠡᠯ ᠤᠨ ᠬᠦᠷᠢᠶᠡᠯᠡᠩ ᠳᠤ | ᠡᠬᠢᠯᠡᠵᠦ᠂ ᠲᠤᠰ ᠤᠳᠠᠭᠠᠨ ᠤ ᠠᠵᠢᠯᠯᠠᠭ᠎ᠠ 4 ᠳ᠋ᠦ᠋ᠭᠡᠷ ᠰᠠᠷ᠎ᠠ ᠶᠢᠨ 13 ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃ | ᠲᠤᠰ ᠬᠤᠭᠤᠴᠠᠭᠠᠨ ᠤ ᠴᠠᠭᠠᠰᠤᠨ ᠰᠢᠪᠠᠭᠤᠨ ᠤ ᠤᠷᠠᠯᠢᠭ ᠤᠨ ᠤᠯᠠᠷᠢᠯ ᠨᠢ ︽ᠤᠷᠢᠬᠠᠨ ᠬᠠᠪᠤᠷ ᠤᠨ ᠴᠠᠭᠠᠰᠤᠨ | ᠰᠢᠪᠠᠭᠤ︾ ᠪᠠᠷ ᠭᠤᠣᠯ ᠰᠡᠳᠦᠪ ᠪᠣᠯᠭᠠᠵᠤ᠂ ᠲᠤᠬᠠᠢ ᠶᠢᠨ ᠲᠠᠯᠠᠪᠠᠢ ᠳᠤ ᠲᠣᠮᠣ ᠬᠡᠯᠪᠡᠷᠢ ᠶᠢᠨ ᠴᠠᠭᠠᠰᠤᠨ ᠰᠢᠪᠠᠭᠤᠨ ᠤ | ᠲᠣᠭᠯᠠᠯᠲᠠ᠂ ᠴᠠᠭᠠᠰᠤᠨ ᠰᠢᠪᠠᠭᠤᠨ ᠤ ᠰᠣᠶᠣᠯ ᠢ ᠲᠦᠭᠡᠮᠡᠯᠵᠢᠭᠦᠯᠬᠦ᠂ ᠴᠠᠭᠠᠰᠤᠨ ᠰᠢᠪᠠᠭᠤᠨ ᠤ DIY ᠰᠤᠳᠤᠯᠭᠠᠨ ᠤ | ᠭᠠᠵᠠᠷ᠂ ᠲᠣᠭᠯᠠᠯᠲᠠ ᠲᠣᠭᠤᠷᠢᠨ ᠵᠤᠭᠠᠴᠠᠬᠤ ᠵᠡᠷᠭᠡ ᠣᠯᠠᠨ ᠵᠦᠢᠯ ᠤᠨ ᠬᠠᠷᠢᠯᠴᠠᠨ ᠬᠥᠳᠡᠯᠦᠯᠴᠡᠬᠦ ᠭᠤᠭᠴᠤᠭ᠎ᠠ ᠶᠢ | ᠲᠣᠬᠢᠷᠠᠭᠤᠯᠤᠭᠰᠠᠨ ᠪᠠᠢᠨ᠎ᠠ᠃ | ᠠᠵᠢᠯᠯᠠᠭ᠎ᠠ ᠶᠢᠨ ᠬᠤᠭᠤᠴᠠᠭᠠᠨ ᠳᠤ᠂ 64 ᠲᠣᠮᠣ ᠬᠡᠯᠪᠡᠷᠢ ᠶᠢᠨ ᠵᠥᠭᠡᠯᠡᠨ ᠪᠡᠶᠡᠲᠦ ᠴᠠᠭᠠᠰᠤᠨ ᠰᠢᠪᠠᠭᠤ ᠶᠢ | ᠲᠥᠪᠯᠡᠷᠡᠭᠦᠯᠦᠨ ᠨᠢᠰᠭᠡᠬᠦ ᠲᠣᠭᠯᠠᠯᠲᠠ ᠭᠠᠷᠭᠠᠭᠰᠠᠨ ᠪᠥᠭᠡᠳ ᠰᠢᠨ᠎ᠡ ᠡᠭᠦᠳᠦᠯᠲᠡ ᠶᠢᠨ ︽ᠺᠠᠷᠲ᠋ᠣᠨ ᠵᠢᠷᠤᠭ ᠳᠦᠷᠰᠦᠲᠦ | ᠭᠤᠣᠯ ᠰᠡᠳᠦᠪᠲᠦ ᠴᠠᠭᠠᠰᠤᠨ ᠰᠢᠪᠠᠭᠤᠨ ᠤ ᠦᠵᠡᠭᠦᠯᠦᠯᠭᠡ︾ ᠶᠠᠪᠤᠭᠳᠠᠭᠤᠯᠵᠤ᠂ ᠵᠤᠭᠠᠴᠠᠭᠰᠠᠳ ᠤᠨ ᠭᠡᠷᠡᠯ ᠵᠢᠷᠤᠭ ᠠᠪᠬᠤ | ᠰᠣᠳᠣᠨ ᠴᠡᠭ ᠪᠤᠯᠤᠭᠰᠠᠨ ᠪᠠᠶᠢᠨ᠎ᠠ᠃ | ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ | | |