︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠰᠧ ᠮᠦᠸᠧ︶ ᠡᠨᠡ ᠵᠢᠯ ᠠᠴᠠ ᠨᠠᠭᠠᠰᠢ᠂ ᠬᠥᠬᠡᠬᠤᠲᠠ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠨᠥᠬᠦᠪᠥᠷᠢ ᠪᠡᠯᠡ ᠮᠥᠩᠭᠦ ᠶᠢ | ᠲᠠᠷᠬᠠᠭᠠᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠨᠢᠭᠡᠳᠦᠭᠡᠷ ᠤᠯᠠᠷᠢᠯ ᠳᠤ ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠶᠢ ᠨᠡᠶᠢᠲᠡ | 22425.16 ᠲᠦᠮᠡᠨ ᠲᠥᠭᠦᠷᠢᠭ ᠲᠠᠷᠬᠠᠭᠠᠪᠠ᠃ | ᠨᠢᠭᠡᠳᠦᠭᠡᠷ ᠤᠯᠠᠷᠢᠯ ᠳᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ ᠪᠥᠬᠦ ᠬᠤᠲᠠ ᠪᠠᠷ ᠢᠶᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠬᠦᠴᠢᠷᠳᠡᠯᠲᠡᠶ ᠣᠯᠠᠨ ᠲᠦᠮᠡᠨ ᠢ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠪᠠ᠃ | ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠡᠯᠡ ᠮᠦᠩᠭᠦ ᠣᠯᠭᠤᠬᠤ ᠠᠵᠢᠯ ᠢ ᠡᠮᠬᠢ ᠵᠢᠷᠤᠮ ᠲᠠᠢ ᠦᠷᠨᠢᠭᠦᠯᠵᠦ᠂ ᠪᠡᠯᠡ ᠮᠥᠩᠭᠦ ᠶᠢ | ᠵᠥᠪ ᠣᠨᠣᠪᠴᠢᠲᠠᠢ ᠴᠠᠭ ᠲᠤᠬᠠᠢ ᠳᠤᠨᠢ ᠣᠯᠭᠤᠬᠤ ᠶᠢ ᠪᠠᠲᠤᠯᠠᠬᠤ ᠶᠢᠨ ᠲᠥᠯᠥᠭᠡ᠂ ᠬᠥᠬᠡᠬᠤᠲᠠ ᠴᠢᠩᠭ᠎ᠠ ᠬᠢᠨᠠᠨ ᠬᠠᠷᠭᠤᠭᠤᠯᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠪᠡ᠃ ᠡᠭᠦᠨ ᠤ ᠬᠠᠮᠲᠤ᠂ ᠪᠡᠯᠡ ᠮᠥᠩᠭᠦ ᠲᠠᠷᠬᠠᠭᠠᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢ | ᠬᠡᠷᠡᠭᠯᠡᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠪᠡᠯᠡ ᠮᠥᠩᠭᠦ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤᠨᠢ | ᠬᠡᠷᠡᠭᠯᠡᠬᠦ ᠶᠢ ᠦᠨᠡᠨ ᠬᠦ ᠪᠠᠲᠤᠯᠠᠵᠠᠢ᠃ |