ᠪᠤᠤ ᠭᠠᠩ ᠬᠤᠷᠠᠯ ᠢ ᠡᠷᠬᠢᠯᠡᠵᠡᠢ | ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ | ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠬᠡᠭᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠮᠠᠨ ᠤ ᠬᠤᠲᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 2025 ᠣᠨ ᠤ ᠭᠤᠤᠯᠳᠠᠯᠭ᠎ᠠ ᠲᠠᠢ ᠡᠭᠦᠷᠭᠡ ᠶᠢᠨ | ᠨᠠᠷᠢᠨ ᠲᠠᠩᠰᠠ᠂ ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠳᠠᠯᠠᠬᠤ ᠲᠤᠬᠠᠶ ᠮᠡᠳᠡᠭᠳᠡᠯ ᠵᠢᠴᠢ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠬᠤᠯᠪᠣᠭᠳᠠᠯ ᠪᠥᠬᠦᠶ ᠲᠥᠰᠦᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠤᠳᠠᠭ᠎ᠠ ᠪᠦᠷᠢ ᠶᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠬᠢᠭᠤᠯᠵᠤ᠂ | ᠲᠦᠢᠯᠪᠤᠷᠢᠲᠠᠢ ᠥᠭᠡᠷᠡᠴᠢᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠬᠢ ᠡᠭᠦᠰᠦᠯ ᠠᠴᠠ ᠨᠢ ᠠᠳᠬᠤᠬᠤ᠂ ᠦᠨᠳᠦᠰᠦᠨ ᠠᠴᠠ ᠨᠢ ᠵᠠᠰᠠᠬᠤ᠂ ᠠᠯᠤᠰ | ᠬᠡᠳᠤ ᠶᠢ ᠬᠠᠮᠢᠶᠠᠷᠬᠤ ᠠᠵᠢᠯ ᠤᠨ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠵᠤ᠂ ︽ᠨᠢᠭᠡ ᠰᠢᠵᠢᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠪᠠᠷ ᠭᠠᠷᠳᠠᠴᠠ ᠪᠣᠯᠭᠠᠵᠤ᠂ ᠡᠯ᠎ᠡ ᠲᠦᠷᠦᠯ ᠤᠨ ᠲᠣᠭᠤᠷᠢᠨ ᠪᠠᠶᠢᠴᠠᠭᠠᠬᠤ | ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ︽ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠲᠡᠦᠬᠡ ᠶᠢᠨ ᠦᠯᠡᠳᠡᠭᠳᠡᠯ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ︾ ᠲᠤᠰᠬᠠᠢ ᠠᠵᠢᠯ ᠢ ᠰᠠᠶᠢᠲᠤᠷ ᠥᠷᠨᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠤᠷᠤᠨ ᠤ ᠲᠥᠪ ᠬᠤᠲᠠ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ︽ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ | ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠨᠣᠭᠤᠭᠠᠷᠠᠭᠤᠯᠤᠯᠲᠠ ᠠᠷᠠᠴᠢᠯᠠᠯᠲᠠ ᠶᠢ ᠨᠠᠷᠢᠯᠢᠭᠵᠢᠭᠤᠯᠤᠨ ᠰᠠᠶᠢᠲᠤᠷ ᠬᠢᠵᠦ᠂ ᠣᠷᠣᠨ ᠤ | ᠲᠥᠪ ᠬᠤᠲᠠ ᠶᠢᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠤᠰ ᠤᠨ ᠴᠡᠴᠡᠷᠯᠢᠭ ᠤᠨ ᠬᠤᠲᠠ ᠪᠣᠯᠣᠨ ᠤᠯᠤᠰ ᠤᠨ ᠣᠢ | ᠰᠢᠭᠤᠢ ᠶᠢᠨ ᠬᠤᠲᠠ ᠶᠢᠨ ᠨᠡᠷ᠎ᠡ ᠶᠢᠨ ᠬᠠᠭᠤᠳᠠᠰᠤ ᠶᠢ ᠠᠯᠳᠠᠷᠰᠢᠭᠤᠯᠬᠤ ᠬᠡᠷᠡᠭᠲᠡᠢ᠃ ᠨᠡᠭᠡᠭᠡᠯᠲᠡᠲᠡᠢ ᠪᠠᠭᠲᠠᠭᠠᠮᠵᠢᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠢᠨ᠎ᠡ ᠶᠢ | ᠡᠭᠦᠳᠬᠦ ᠠᠮᠢ ᠠᠬᠤᠢ ᠶᠢ ᠪᠠᠶᠢᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢ ᠲᠦᠷᠦ ᠶᠢᠨ ᠪᠤᠳᠤᠯᠭ᠎ᠠ ᠪᠠᠷ ᠬᠦᠳᠦᠯᠦᠨ ᠵᠢᠯᠣᠭᠤᠳᠬᠤ ᠪᠠ ᠣᠨᠣᠪᠴᠢᠲᠠᠢ ᠳᠡᠮᠵᠢᠬᠦ ᠶᠢ | ᠴᠢᠩᠭᠠᠳᠬᠠᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠣᠷᠣᠨ ᠤ ᠲᠥᠪ ᠬᠤᠳᠠ ᠳᠤ ᠲᠥᠪᠯᠡᠷᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠵᠢᠭᠠᠭᠰᠠᠨ ᠨᠢ᠂ ᠤᠢᠢᠷ᠎ᠠ ᠶᠢᠨ ᠵᠢᠯ ᠳᠤ᠂ ᠣᠷᠣᠨ ᠤ ᠲᠥᠪ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠶᠠᠪᠤᠴᠠ ᠳᠤ ᠣᠷᠣᠨ ᠤ ᠲᠥᠪ ᠬᠤᠲᠠ ᠶᠢᠨ ᠡᠭᠦᠷᠭᠡ ᠬᠠᠷᠢᠭᠤᠴᠠᠯᠭ᠎ᠠ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠡᠢ᠃ ᠪᠢᠳᠡ ᠠᠵᠢᠯ ᠬᠢᠵᠦ ᠦᠢᠯᠡᠰ ᠪᠤᠰᠬᠠᠬᠤ | ᠰᠢᠪᠲᠤᠯᠤᠯᠲᠠ ᠶᠢᠨ ᠡᠷᠴᠢ ᠵᠣᠷᠢᠭ ᠢᠶᠠᠨ ᠦᠷᠭᠦᠯᠵᠢᠯᠡᠨ ᠪᠠᠲᠤᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠵᠦᠭ ᠭᠤᠶᠢᠪᠢᠰᠢ ᠦᠭᠡᠢ ᠤᠷᠤᠭᠰᠢᠯᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠪᠦᠬᠦ | ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠪᠣᠬᠢᠷᠲᠤᠯ ᠦᠭᠡᠢ ᠬᠥᠭᠵᠢᠯᠲᠡ ᠶᠢ ᠢᠮᠠᠭᠲᠠ ᠪᠠᠷᠢᠮᠲᠠᠯᠠᠬᠤ | ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠲᠦᠷᠭᠡᠪᠴᠢᠯᠡᠨ ᠪᠦᠳᠦᠭᠡᠨ ᠪᠠᠶᠢᠭᠤᠯᠵᠤ᠂ | ᠣᠷᠣᠨ ᠤ ᠲᠥᠪ ᠬᠤᠲᠠ ᠶᠢᠨ ︽ᠭᠤᠷᠪᠠᠨ ᠬᠤᠳᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ︽ᠲᠦᠷᠪᠡᠨ ᠶᠡᠭᠡ ᠠᠵᠤ ᠠᠬᠤᠢ ᠶᠢᠨ | ᠴᠠᠭᠠᠷᠢᠭ︾ ᠲᠤ ᠠᠭᠤᠰᠤᠯᠴᠠᠬᠤ᠂ ︽ᠲᠠᠪᠤᠨ ᠲᠣᠬᠢᠷᠠᠮᠵᠢᠲᠠᠢ︾ ᠬᠤᠳᠠ ᠶᠢ ᠪᠦᠳᠦᠭᠡᠨ ᠪᠠᠶᠢᠭᠤᠯᠬᠤ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠤᠶᠢᠵᠢᠭᠤᠯᠬᠤ᠂ | ︽ᠵᠢᠷᠭᠤᠭᠠᠨ ᠣᠷᠣᠨ ᠪᠦᠰᠡ ᠶᠢᠨ ᠲᠥᠪ︾ ᠢ ᠴᠣᠭᠴᠠᠯᠠᠬᠤ ᠲᠠᠯ᠎ᠠ ᠪᠠᠷ ᠨᠡᠩ ᠤᠯᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠵᠠ | ᠲᠣᠬᠢᠶᠠᠯ ᠤᠨ ᠤᠬᠠᠮᠰᠠᠷ᠂ ᠦᠷ᠎ᠡ ᠪᠦᠲᠦᠮᠵᠢ ᠶᠢᠨ ᠤᠬᠠᠮᠰᠠᠷ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠴᠢᠩᠭ᠎ᠠ ᠠᠳᠬᠤᠨ ᠲᠦᠷᠭᠡᠨ ᠠᠵᠢᠯᠯᠠᠬᠤ ᠶᠢ ᠪᠠᠷᠢᠮᠲᠠᠯᠠᠵᠤ᠂ | ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃ | |