ᠣᠶᠢᠷ᠎ᠠ ᠳᠤ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ 2025 | ᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠤ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠭᠦᠭᠡᠬᠤᠲᠠ ᠶᠢᠨ | ᠨᠡᠶᠢᠭᠡᠮᠴᠢᠯᠡᠭᠰᠡᠨ ᠴᠡᠷᠢᠭ ᠢᠶᠠᠨ ᠬᠦᠷᠢᠶᠡᠯᠡᠬᠦ ᠦᠢᠯᠡᠴᠢᠯᠡᠭᠡᠨ ᠤ ᠵᠢᠱᠢᠶ᠎ᠡ ᠦᠵᠡᠭᠦᠯᠭᠦ ᠬᠦᠷᠢᠶᠡᠯᠡᠩ ᠳᠤ ᠶᠠᠪᠤᠭᠳᠠᠵᠤ᠂ ᠥᠷᠭᠡᠨ ᠣᠯᠠᠨ ᠴᠡᠷᠢᠭ ᠤᠨ ᠠᠯᠪᠠ ᠠᠴᠠ | ᠬᠠᠯᠠᠭᠳᠠᠭᠰᠠᠳ ᠲᠤ ᠠᠵᠢᠯ ᠣᠯᠬᠤ ᠲᠠᠪᠴᠠᠩ ᠬᠠᠩᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠬᠤ ᠠᠷᠭ᠎ᠠ ᠵᠠᠮ ᠢ ᠴᠢᠨᠠᠭᠰᠢᠳᠠ | ᠥᠷᠭᠡᠳᠬᠡᠬᠦ ᠶᠢ ᠠᠬᠢᠭᠤᠯᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ 46 ᠠᠵᠤ ᠠᠬᠤᠶᠢᠯᠠᠯ ᠢ ᠰᠣᠩᠭᠤᠵᠤ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ᠂ ᠡᠮ ᠡᠮᠨᠡᠯᠭᠡ᠂ ᠰᠤᠷᠭᠠᠨ ᠬᠥᠮᠦᠵᠢᠯ᠂ ᠰᠢᠨ᠎ᠡ ᠵᠠᠭᠤᠴᠢᠯᠠᠭᠤᠷ ᠤᠨ ᠤᠬᠠᠭᠠᠯᠠᠯ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ 16 ᠬᠠᠯᠠᠮᠰᠢᠯ | ᠬᠦᠷᠢᠶ᠎ᠡ ᠴᠠᠷᠠᠭ᠎ᠠ ᠶᠢ ᠬᠠᠮᠤᠷᠴᠤ᠂ ᠲᠣᠨᠤᠭ ᠲᠥᠬᠦᠭᠡᠷᠦᠮᠵᠢ ᠦᠢᠯᠡᠳᠬᠦ᠂ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠵᠡᠷᠭᠡ | 760 ᠭᠠᠷᠤᠢ ᠰᠢᠯᠢᠳᠡᠭ ᠠᠵᠢᠯ ᠤᠨ ᠪᠠᠶᠢᠷᠢ ᠬᠠᠩᠭᠠᠵᠤ᠂ 300 ᠭᠠᠷᠤᠢ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ | ᠠᠵᠢᠯᠯᠠᠭ᠎ᠠ ᠳᠤ ᠣᠷᠣᠯᠴᠠᠵᠠᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠪᠠᠰᠠ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠣᠶᠢᠷ᠎ᠠ ᠣᠭᠲᠠᠷᠭᠤᠢ ᠶᠢᠨ ᠠᠵᠤ ᠠᠬᠤᠢ ᠶᠢᠨ ᠤᠷᠢᠨ ᠡᠯᠰᠡᠬᠦ ᠲᠤᠰᠬᠠᠢ | ᠲᠣᠭᠤᠷᠢᠭ ᠵᠡᠷᠭᠡ ᠦᠢᠯᠡᠴᠢᠯᠡᠭᠡᠨ ᠤ ᠲᠣᠭᠤᠷᠢᠭ ᠭᠠᠷᠭᠠᠵᠤ᠂ ᠠᠵᠢᠯ ᠡᠷᠢᠭᠰᠡᠳ ᠤᠨ ᠠᠵᠢᠯ ᠮᠡᠷᠭᠡᠵᠢᠯ ᠤᠨ ᠬᠥᠭᠵᠢᠯᠲᠡ ᠳᠤ ᠪᠦᠭᠦ ᠲᠠᠯ᠎ᠠ ᠪᠠᠷ ᠬᠠᠪᠰᠤᠷᠤᠯᠭ᠎ᠠ | ᠬᠠᠩᠭᠠᠪᠠ᠃ | ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ | ᠭᠡᠷ ᠪᠦᠯᠢ ᠶᠢᠨ ᠬᠢᠨ ᠤ ᠠᠵᠢᠯ ᠣᠯᠭᠤᠯᠲᠠ ᠶᠢᠨ ᠲᠤᠰᠬᠠᠢ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ᠂ | ᠴᠡᠷᠢᠭ ᠤᠨ ᠭᠡᠷ ᠪᠦᠯᠢ ᠶᠢᠨ ᠬᠢᠨ ᠬᠢᠭᠡᠳ ᠬᠥᠮᠥᠨ ᠬᠡᠷᠡᠭᠯᠡᠬᠦ ᠨᠢᠭᠡᠴᠢ ᠶᠢᠨ ᠬᠤᠭᠤᠷᠣᠨᠳᠣᠭᠢ ᠣᠨᠣᠴᠠᠲᠠᠢ ᠬᠤᠣᠰ ᠴᠢᠭᠯᠡᠯ ᠤᠨ ᠰᠣᠯᠢᠯᠴᠠᠭ᠎ᠠ ᠶᠢ | ᠴᠢᠩᠭᠠᠳᠬᠠᠵᠤ᠂ ᠰᠠᠷ᠎ᠠ ᠪᠦᠷᠢ ᠨᠢᠭᠡ ᠤᠳᠠᠭ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠤ ᠲᠤᠰᠬᠠᠢ ᠲᠠᠯᠠᠪᠠᠢ | ᠤᠷᠢᠨ ᠡᠯᠰᠡᠬᠦ ᠴᠤᠭᠯᠠᠭᠠᠨ ᠢ ᠪᠠᠶᠢᠩᠭᠤᠵᠢᠭᠤᠯᠤᠨ ᠥᠷᠨᠢᠭᠦᠯᠵᠦ᠂︽ᠭᠤᠷᠪᠠ ᠶᠢ ᠨᠢᠭᠡ ᠴᠣᠭᠴᠠᠵᠢᠭᠤᠯᠬᠤ︾ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ | ᠪᠠᠶᠢᠭᠤᠯᠤᠨ᠂ ︽ᠪᠣᠯᠪᠠᠰᠤᠷᠠᠯ + ᠲᠠᠨᠢᠯᠴᠠᠭᠤᠯᠭ᠎ᠠ + ᠠᠵᠢᠯ ᠣᠯᠭᠤᠯᠲᠠ︾ ᠶᠢᠨ ᠦᠢᠯᠡᠴᠢᠯᠡᠭᠡᠨ ᠤ ᠵᠠᠭᠪᠤᠷ ᠢ ᠪᠦᠷᠢᠯᠳᠦᠭᠦᠯᠵᠦ᠂ ᠴᠡᠷᠢᠭ ᠤᠨ ᠠᠯᠪᠠ ᠠᠴᠠ | ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠳᠤ ᠪᠦᠭᠦ ᠲᠠᠯ᠎ᠠ ᠶᠢᠨ᠂ ᠳᠥᠭᠦᠮ ᠳᠥᠲᠡ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ︽ᠪᠠᠶᠢᠯᠳᠤᠭᠠᠨ ᠤ ᠲᠠᠯᠠᠪᠤᠷ ᠤᠨ ᠬᠤᠰᠢᠭᠤᠴᠢ︾ ᠪᠠᠶᠢᠭᠰᠠᠨ ᠠᠴᠠ ᠪᠠᠨ ︽ᠠᠵᠢᠯ ᠤᠨ ᠪᠠᠶᠢᠷᠢ ᠶᠢᠨ ᠬᠤᠰᠢᠭᠤᠴᠢ︾ | ᠪᠤᠯᠬᠤ ᠬᠤᠪᠢᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ | |