︵ᠰᠤᠷᠪᠤᠯᠵᠢᠯᠠᠭᠴᠢ ᠦ᠋ ᠽᠢ ᠰᠢᠤᠸᠠᠨ︶ ᠰᠤᠷᠪᠤᠯᠵᠢᠯᠠᠭᠴᠢ ᠣᠶᠢᠷ᠎ᠠ ᠳᠤ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠠᠴᠠ ᠣᠶᠢᠯᠠᠭᠠᠭᠰᠠᠨ ᠨᠢ᠂ 2025 ᠣᠨ ᠳᠤ ᠬᠥᠬᠡᠬᠤᠲᠠ ᠶᠢᠨ ᠠᠩᠬᠠᠳᠠᠭᠴᠢ ᠪᠦᠯᠦᠭ 4 ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ | ᠠᠮᠵᠢᠯᠲᠠ ᠲᠠᠢ ᠳᠠᠩᠰᠠᠯᠠᠭᠤᠯᠬᠤ ᠶᠢ ᠳᠠᠭᠠᠯᠳᠤᠨ᠂ ᠮᠠᠨ ᠤ ᠬᠤᠲᠠ ᠶᠢᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠶᠡᠷᠦᠩᠬᠡᠶ ᠲᠤᠭ᠎ᠠ ᠨᠢᠭᠡᠨᠲᠡ 10 | ᠪᠣᠯᠪᠠ ︵ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ 6 ᠪᠣᠢ︶ ᠃ 4 ᠲᠤᠷᠰᠢᠯᠲᠠ ᠶᠢᠨ ᠲᠠᠰᠤᠭ ᠨᠢ ᠲᠤᠰ ᠲᠤᠰ᠄ ᠬᠥᠬᠡᠬᠤᠲᠠ ᠶᠢᠨ ᠳᠣᠤᠷ᠎ᠠ | ᠤᠭᠲᠠᠷᠭᠤᠢ ᠶᠢᠨ ᠨᠢᠰᠦᠯᠲᠡ ᠶᠢ ᠬᠢᠨᠠᠨ ᠬᠡᠮᠵᠢᠵᠦ ᠡᠵᠡᠮᠳᠡᠬᠦ ᠠᠮᠤᠷ ᠲᠦᠪᠰᠢᠨ ᠤ ᠮᠡᠷᠭᠡᠵᠢᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠬᠥᠬᠡᠬᠤᠲᠠ ᠶᠢᠨ ᠬᠤᠲᠠ ᠶᠢᠨ ᠶᠠᠪᠤᠳᠠᠯ ᠤᠨ ᠲᠤᠭᠠᠴᠢᠯᠠᠵᠤ ᠤᠶᠤᠨᠴᠢᠯᠠᠭᠰᠠᠨ ᠰᠢᠨ᠎ᠡ ᠶᠢ ᠡᠭᠦᠳᠬᠦ ᠬᠡᠷᠡᠭᠯᠡᠭᠡᠨ ᠤ ᠲᠤᠷᠰᠢᠯᠲᠠ ᠶᠢᠨ ᠲᠠᠰᠤᠭ᠂ | ᠬᠥᠬᠡᠬᠤᠲᠠ ᠶᠢᠨ ᠵᠢᠯᠣᠭᠤᠴᠢ ᠥᠬᠡᠶ ᠨᠢᠰᠬᠡᠯ ᠤᠨ ᠡᠵᠡᠮᠲᠡᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠬᠥᠬᠡᠬᠤᠲᠠ ᠶᠢᠨ ᠳᠣᠤᠷ᠎ᠠ ᠤᠭᠲᠠᠷᠭᠤᠢ ᠶᠢᠨ | ᠭᠠᠵᠠᠷ ᠵᠦᠢ ᠶᠢᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠤᠨ᠎ᠠ᠃ | |