ᠰᠤᠷᠪᠤᠯᠵᠢᠯᠠᠬᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠣᠶᠢᠯᠠᠭᠠᠭᠰᠠᠨ ᠢᠶᠠᠷ᠂ | ᠲᠦᠷᠦᠭᠦᠬᠡᠨ ᠲᠤᠰ ᠡᠮᠨᠡᠯᠭᠡ ᠶᠢᠨ ᠬᠤᠷᠢᠶ᠎ᠠ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠡᠭᠦᠳᠡᠨ ᠡᠮᠨᠡᠯᠭᠡ ᠡᠮᠴᠢᠯᠡᠵᠦ ᠡᠬᠢᠯᠡᠪᠡ᠃ ᠳᠤᠰ ᠡᠭᠦᠳᠡᠨ | ᠡᠮᠨᠡᠯᠭᠡ ᠨᠢ ᠭᠤᠣᠯᠳᠠᠭᠤ ᠣᠯᠠᠨ ᠰᠢᠨᠵᠢᠯᠡᠭᠡᠨ ᠤ ᠬᠠᠷᠠᠭᠠᠰᠤ ᠠᠴᠠ ᠡᠭᠦᠰᠴᠦ᠂ ᠮᠠᠷᠢᠶ᠎ᠠ ᠲᠠᠢ ᠬᠥᠮᠥᠰ ᠲᠤ ᠪᠡᠶ᠎ᠡ ᠶᠢᠨ ᠬᠦᠨᠳᠦ ᠶᠢᠨ ᠰᠢᠨᠵᠢᠯᠡᠬᠦ ᠤᠬᠠᠭᠠᠨᠴᠢ | ᠬᠠᠮᠢᠶᠠᠷᠤᠯᠲᠠ ᠶᠢᠨ ᠠᠷᠭ᠎ᠠ ᠶᠢ ᠡᠵᠡᠮᠰᠢᠭᠦᠯᠵᠦ᠂ ᠵᠦᠢ ᠵᠣᠬᠢᠰᠲᠠᠢ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠭᠡᠯᠪᠠᠷᠢ ᠶᠢ ᠠᠭᠠᠵᠢᠮ ᠢᠶᠠᠷ ᠪᠦᠷᠢᠯᠳᠦᠭᠦᠯᠵᠦ᠂ | ᠬᠥᠮᠥᠨ ᠪᠦᠷᠢ ᠳᠤ ᠭᠡᠳᠤ ᠮᠠᠷᠢᠶᠠᠯᠠᠬᠤ ᠶᠢᠨ ᠬᠥᠨᠥᠭᠡᠯᠳᠦ ᠴᠢᠨᠠᠷ ᠢ ᠲᠠᠨᠢᠭᠤᠯᠬᠤ ᠶᠢᠨ ᠬᠠᠮᠲᠤ᠂ ᠢᠳᠡᠪᠬᠢᠲᠡᠢ ᠠᠷᠭ᠎ᠠ ᠠᠪᠴᠤ ᠪᠡᠶ᠎ᠡ ᠶᠢᠨ ᠬᠦᠨᠳᠦ ᠳᠤᠨᠢ | ᠬᠠᠮᠢᠶᠠᠷᠤᠯᠲᠠ ᠬᠢᠬᠦ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠪᠡᠶ᠎ᠡ ᠶᠢᠨ ᠬᠦᠨᠳᠦ ᠬᠡᠪ ᠤᠨ ᠪᠤᠰᠤ ᠠᠴᠠ ᠪᠣᠯᠵᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠵᠢᠷᠦᠬᠡ | ᠲᠠᠷᠢᠬᠢᠨ ᠰᠤᠳᠠᠯ ᠤᠨ ᠡᠪᠡᠳᠴᠢᠨ᠂ ᠡᠯᠢᠭᠡ ᠥᠭᠡᠬᠦᠯᠡᠬᠦ ᠪᠠᠶᠢᠳᠠᠯ ᠠᠮᠠᠷᠬᠠᠨ ᠡᠭᠦᠰᠳᠡᠭ ᠪᠥᠭᠡᠳ ᠵᠠᠷᠢᠮ ᠦᠮᠡᠨ ᠡᠪᠡᠳᠴᠢᠨ ᠨᠢ ᠪᠡᠶ᠎ᠡ ᠶᠢᠨ ᠬᠦᠨᠳᠦ ᠬᠡᠪ ᠤᠨ | ᠪᠤᠰᠤ ᠪᠠᠶᠢᠬᠤ ᠲᠠᠢ ᠬᠤᠯᠪᠤᠭ᠎ᠠ ᠲᠠᠢ᠃ ᠳᠤᠰ ᠡᠮᠨᠡᠯᠭᠡ ᠶᠢᠨ ᠬᠤᠷᠢᠶ᠎ᠠ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠡᠭᠦᠳᠡᠨ ᠡᠮᠨᠡᠯᠭᠡ ᠶᠢ ᠡᠭᠦᠳᠡᠨ | ᠡᠮᠨᠡᠯᠭᠡ ᠶᠢᠨ ᠠᠰᠠᠷ ︵E ᠠᠰᠠᠷ︶ ᠤᠨ 9 ᠳ᠋ᠦ᠋ᠭᠡᠷ ᠳᠠᠪᠬᠤᠷᠯᠢᠭ ᠤᠨ ᠪᠡᠶ᠎ᠡ ᠪᠠᠶᠢᠴᠠᠭᠠᠬᠤ ᠲᠥᠪ ᠲᠤ ᠲᠣᠬᠢᠷᠠᠭᠤᠯᠤᠭᠰᠠᠨ ᠪᠥᠭᠡᠳ ᠰᠢᠮ᠎ᠡ ᠲᠡᠵᠢᠭᠡᠯ ᠤᠨ | ᠮᠡᠷᠭᠡᠵᠢᠯᠲᠡᠨ᠂ ᠳᠣᠲᠣᠭᠠᠳᠤ ᠱᠦᠭᠦᠷᠡᠯ ᠤᠨ ᠰᠠᠯᠠᠭᠠᠨ ᠤ ᠡᠮᠴᠢ᠂ ᠰᠫᠣᠷᠲ ᠤᠨ ᠠᠨᠠᠭᠠᠬᠤ ᠤᠬᠠᠭᠠᠨ ᠤ ᠮᠡᠷᠭᠡᠵᠢᠯᠲᠡᠨ᠂ ᠰᠡᠳᠬᠢᠴᠡ ᠶᠢᠨ ᠵᠥᠪᠯᠡᠯᠭᠡ ᠥᠭᠭᠦᠭᠴᠢ | ᠵᠡᠷᠭᠡ ᠶᠢ ᠪᠠᠭᠲᠠᠭᠠᠭᠰᠠᠨ ᠲᠤᠰᠬᠠᠢ ᠮᠡᠷᠭᠡᠵᠢᠯ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠪᠦᠯᠭᠦᠮ ᠢ ᠲᠣᠬᠢᠷᠠᠭᠤᠯᠪᠠ᠃ ᠬᠠᠮᠢᠶᠠᠷᠤᠯᠲᠠ ᠶᠢᠨ | ᠪᠦᠯᠭᠦᠮ ᠤᠨ ᠪᠦᠷᠢᠯᠳᠦᠭᠦᠨ ᠨᠢ ᠰᠢᠰᠲ᠋ᠧᠮ ᠲᠠᠢ ᠪᠣᠯᠪᠠᠰᠤᠷᠠᠯ ᠬᠥᠮᠦᠵᠢᠯ ᠢᠶᠠᠷ ᠳᠠᠮᠵᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠲᠡᠷᠢᠭᠦᠨ ᠤ | ᠣᠶᠢᠯᠠᠭᠠᠭᠳᠠᠬᠤᠨ ᠪᠠ ᠮᠡᠷᠭᠡᠵᠢᠯ ᠢ ᠡᠵᠡᠮᠰᠢᠵᠦ᠂ ᠡᠪᠡᠳᠴᠢᠲᠡᠨ ᠳᠤ ᠲᠣᠬᠢᠷᠠᠬᠤ ᠥᠪᠡᠷᠮᠢᠴᠡ ᠣᠨᠴᠠᠯᠢᠭ ᠲᠠᠢ ᠪᠡᠶ᠎ᠡ ᠶᠢᠨ ᠬᠦᠨᠳᠦ ᠶᠢ ᠨᠢ ᠪᠠᠭᠤᠷᠠᠭᠤᠯᠬᠤ | ᠲᠥᠰᠥᠯ ᠬᠠᠩᠭᠠᠨ ᠥᠭᠬᠦ ᠶᠢᠨ ᠬᠠᠮᠲᠤ᠂ ᠲᠤᠰᠬᠠᠢ ᠮᠡᠷᠭᠡᠵᠢᠯ ᠤᠨ ᠰᠢᠯᠭᠠᠨ ᠦᠨᠡᠯᠡᠯᠲᠡ ᠬᠢᠬᠦ᠂ ᠥᠪᠡᠷᠮᠢᠴᠡ ᠣᠨᠴᠠᠯᠢᠭ ᠲᠠᠢ ᠲᠥᠰᠥᠯ ᠢ ᠲᠣᠭᠲᠠᠭᠠᠨ ᠥᠭᠬᠦ᠂ | ᠪᠦᠭᠦ ᠶᠠᠪᠤᠴᠠ ᠳᠤ ᠮᠥᠷᠳᠡᠨ ᠵᠢᠯᠤᠭᠤᠳᠬᠤ ᠵᠡᠷᠭᠡ ᠶᠢ ᠪᠠᠭᠲᠠᠭᠠᠭᠰᠠᠨ ᠦᠢᠯᠡᠴᠢᠯᠡᠭᠡ ᠬᠠᠩᠭᠠᠵᠤ ᠪᠠᠶᠢᠨ᠎ᠠ᠃ ᠪᠠᠰᠠ᠂ ᠰᠦᠯᠵᠢᠶᠡᠨ ᠳᠡᠭᠡᠷ᠎ᠡ ᠯᠠᠪᠯᠠᠭ᠎ᠠ | ᠦᠢᠯᠡᠴᠢᠯᠡᠭᠡ ᠬᠠᠩᠭᠠᠬᠤ ᠪᠠ ᠨᠢᠭᠤᠷᠳᠠᠨ ᠲᠠᠶᠢᠯᠤᠮᠵᠢ ᠬᠢᠬᠦ ᠠᠵᠢᠯᠯᠠᠭ᠎ᠠ ᠥᠷᠨᠢᠭᠦᠯᠵᠦ᠂ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠮᠡᠳᠡᠯᠭᠡ ᠶᠢ | ᠲᠦᠭᠡᠮᠡᠯᠵᠢᠭᠦᠯᠦᠨ᠂ ᠡᠪᠡᠳᠴᠢᠲᠡᠨ ᠤ ᠡᠷᠡᠭᠦᠯ ᠮᠡᠨᠳᠦ ᠶᠢᠨ ᠲᠠᠨᠢᠯᠲᠠ ᠤᠬᠠᠮᠰᠠᠷ ᠢ ᠨᠢ ᠳᠡᠭᠡᠭᠰᠢᠯᠡᠭᠦᠯᠤᠨ᠎ᠡ᠃ | |