︽ᠪᠣᠯᠪᠠᠰᠤᠨ ᠵᠠᠮ ᠬᠠᠷᠢᠯᠴᠠᠭᠠᠨ ᠤ ᠠᠵᠢᠯᠯᠠᠭᠠᠨ ᠤ ᠲᠥᠯᠥᠪᠯᠡᠭᠡ ᠶᠢ ᠳᠡᠭᠡᠭᠰᠢᠯᠡᠭᠦᠯᠭᠦ ᠠᠵᠢᠯᠯᠠᠭ᠎ᠠ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠭᠦᠨᠵᠡᠭᠡᠢ ᠠᠬᠢᠭᠤᠯᠵᠤ᠂ ᠬᠤᠲᠠ ᠶᠢᠨ ᠠᠷᠠᠳ ᠤᠨ ᠪᠣᠯᠪᠠᠰᠤᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠪᠠ ᠠᠮᠤᠷ ᠲᠦᠪᠰᠢᠨ ᠤ | ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠬᠢ ᠵᠢᠷᠤᠮ ᠲᠠᠢ᠂ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠣᠷᠴᠢᠨ | ᠨᠥᠬᠦᠴᠡᠯ ᠢ ᠪᠤᠶ ᠪᠤᠯᠭᠠᠬᠤ ᠶᠢᠨ ᠲᠥᠯᠥᠭᠡ ᠣᠶᠢᠷ᠎ᠠ ᠶᠢᠨ ᠡᠳᠦᠷ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠰᠠᠶᠢᠬᠠᠨ ᠲᠣᠭᠤᠷᠢᠭ ᠤᠨ ᠸᠠᠨ ᠳ᠋ᠠ ᠠᠭᠤᠳᠠᠮ | ᠲᠠᠯᠠᠪᠠᠶ ᠳᠤ ︽ᠪᠣᠯᠪᠠᠰᠤᠨ ᠵᠠᠮ ᠬᠠᠷᠢᠯᠴᠠᠭ᠎ᠠ ᠶᠢ ᠦᠢᠯᠡᠳᠦᠯᠭᠡᠵᠢᠭᠦᠯᠦᠭᠰᠡᠨ ᠰᠠᠶᠢᠨ ᠬᠤᠲᠠ ᠶᠢᠨ ᠠᠷᠠᠳ︾ ᠢ ᠰᠢᠯᠭᠠᠷᠠᠭᠤᠯᠬᠤ ᠠᠵᠢᠯᠯᠠᠭ᠎ᠠ ᠶᠢᠨ | ᠡᠭᠢᠯᠡᠯᠲᠡ ᠶᠢᠨ ᠶᠣᠰᠣᠯᠠᠯ ᠶᠠᠪᠤᠭᠳᠠᠭᠤᠯᠪᠠ᠃ | ᠲᠣᠰ ᠤᠳᠠᠭ᠎ᠠ ᠶᠢᠨ ᠰᠢᠯᠭᠠᠷᠠᠭᠤᠯᠤᠯᠲᠠ ᠳᠤ ᠤᠯᠠᠮᠵᠢᠯᠠᠯᠲᠤ ᠬᠥᠬᠢᠭᠦᠯᠦᠨ ᠰᠠᠶᠢᠰᠢᠶᠠᠬᠤ ᠵᠠᠭᠪᠤᠷ ᠢ ᠰᠢᠪᠲᠤᠯᠵᠤ᠂ ︽10 + 4︾ ᠶᠢᠨ ᠪᠣᠰᠤᠭ᠎ᠠ | ᠴᠣᠭᠴᠠ ᠶᠢᠨ ᠦᠨᠡᠯᠡᠯᠲᠡ ᠶᠢᠨ ᠵᠠᠭᠪᠤᠷ ᠢ ᠪᠠᠶᠢᠭᠤᠯᠵᠤ᠂ ᠰᠠᠭᠤᠷᠢ ᠵᠦᠢᠯᠡᠰ ᠨᠢ ᠤᠯᠤᠰ ᠲᠥᠷᠥ ᠶᠢᠨ ᠬᠡᠪ ᠪᠣᠯᠪᠠᠰᠤᠷᠠᠯ᠂ ᠬᠠᠤᠯᠢ ᠪᠠᠷ ᠵᠠᠰᠠᠬᠤ ᠤᠬᠠᠮᠰᠠᠷ᠂ | ᠠᠮᠤᠷ ᠲᠦᠪᠰᠢᠨ ᠤ ᠲᠡᠮᠳᠡᠭᠯᠡᠯ ᠵᠡᠷᠭᠡ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠬᠠᠮᠤᠷᠪᠠ; ᠠᠬᠢᠯᠲᠠ ᠶᠢᠨ ᠵᠦᠢᠯᠡᠰ ᠨᠢ ᠮᠠᠰᠢᠨ ᠲᠡᠷᠭᠡ ᠵᠢᠯᠣᠭᠤᠳᠤᠭᠰᠠᠨ | ᠣᠨ ᠵᠢᠯ᠂ ᠠᠮᠤᠷ ᠲᠦᠪᠰᠢᠨ ᠢᠶᠠᠷ ᠮᠠᠰᠢᠨ ᠲᠡᠷᠭᠡ ᠵᠢᠯᠣᠭᠤᠳᠤᠭᠰᠠᠨ ᠬᠡᠮᠵᠢᠶ᠎ᠡ᠂ ᠠᠵᠢᠯ ᠮᠡᠷᠭᠡᠵᠢᠯ ᠤᠨ ᠶᠣᠰᠣ ᠮᠣᠷᠠᠯ ᠵᠢᠴᠢ ᠲᠣᠰ ᠪᠡᠶ᠎ᠡ ᠶᠢᠨ ᠪᠣᠯᠪᠠᠰᠤᠨ | ᠵᠠᠮ ᠬᠠᠷᠢᠯᠴᠠᠭᠠᠨ ᠳᠤ ᠦᠵᠡᠭᠦᠯᠦᠭᠰᠡᠨ ᠬᠤᠪᠢ ᠨᠡᠮᠡᠷᠢ ᠵᠡᠷᠭᠡ ᠨᠥᠬᠦᠴᠡᠯ ᠢ ᠦᠨᠳᠦᠰᠦᠯᠡᠨ᠂ ᠶᠡᠷᠦᠩᠬᠡᠶᠢᠯᠡᠨ ᠦᠨᠡᠯᠡᠨ ᠲᠣᠭᠲᠠᠭᠠᠨ᠎ᠠ᠃ 11ᠰᠠᠷ᠎ᠠ ᠶᠢᠨ | ᠰᠡᠭᠦᠯᠴᠢ ᠪᠤᠯᠲᠠᠯ᠎ᠠ ᠬᠤᠲᠠ ᠶᠢᠨ ᠠᠷᠠᠳ ︽ᠭᠦᠭᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ︾ ᠶᠢᠨ ᠵᠢᠷᠭᠢᠶ᠎ᠡ ᠶᠢᠨ ᠤᠯᠠᠨ | ᠨᠡᠶᠢᠳᠡ ᠶᠢᠨ ᠲᠠᠪᠴᠠᠩ ᠢᠶᠠᠷ ᠨᠡᠷ᠎ᠡ ᠮᠡᠳᠡᠭᠦᠯᠵᠦ ᠪᠣᠯᠣᠨ᠎ᠠ᠃ ᠪᠣᠯᠪᠠᠰᠤᠨ ᠵᠠᠮ ᠬᠠᠷᠢᠯᠴᠠᠭᠠᠨ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠤᠶᠤ | ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠺᠠᠷᠲ ᠲᠤ 20 ᠴᠠᠭ ᠠᠴᠠ ᠳᠡᠭᠡᠭᠰᠢ ︵20 ᠴᠠᠭ ᠢ ᠪᠠᠭᠲᠠᠭᠠᠨ᠎ᠠ︶ ᠠᠵᠢᠯᠯᠠᠭᠰᠠᠨ | ᠬᠥᠮᠥᠰ ᠢ ᠰᠢᠯᠭᠠᠷᠠᠭᠤᠯᠬᠤ ᠬᠡᠪᠴᠢᠶᠡᠨ ᠳᠤ ᠰᠢᠭᠤᠳ ᠣᠷᠣᠭᠤᠯᠵᠤ ᠪᠣᠯᠣᠨ᠎ᠠ᠃ ᠲᠣᠰ ᠤᠳᠠᠭ᠎ᠠ ᠶᠢᠨ ᠠᠵᠢᠯᠯᠠᠭ᠎ᠠ ᠨᠢ ︽ᠰᠠᠷ᠎ᠠ + ᠣᠨ︾ ᠤ ᠬᠤᠣᠰ | ᠰᠣᠩᠭᠤᠯᠲᠠ ᠶᠢᠨ ᠲᠣᠭᠲᠠᠴᠠ ᠶᠢ ᠬᠡᠷᠡᠭᠯᠡᠵᠦ᠂ ᠰᠠᠷ᠎ᠠ ᠪᠦᠷᠢ ᠨᠡᠷ᠎ᠡ ᠮᠡᠳᠡᠭᠦᠯᠦᠭᠴᠢ ᠶᠢᠨ ᠳᠣᠲᠣᠷ᠎ᠠ ᠠᠴᠠ 65 ᠬᠥᠮᠥᠨ ᠢ ᠰᠣᠩᠭᠤᠨ ᠭᠠᠷᠭᠠᠵᠤ᠂ 5 ᠨᠢᠭᠡᠳᠦᠭᠡᠷ | ᠳᠡᠰ ᠤᠨ ᠱᠠᠩᠨᠠᠯ᠂ 10 ᠬᠤᠶᠠᠳᠤᠭᠠᠷ ᠳᠡᠰ ᠤᠨ ᠱᠠᠩᠨᠠᠯ ᠵᠢᠴᠢ 50 ᠠᠵᠠ ᠲᠠᠢ ᠱᠠᠩᠨᠠᠯ ᠢ ᠰᠢᠯᠭᠠᠷᠠᠭᠤᠯᠤᠨ ᠭᠠᠷᠭᠠᠨ᠎ᠠ᠃ | ᠡᠭᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ᠂ ᠪᠣᠯᠪᠠᠰᠤᠨ ᠵᠠᠮ ᠬᠠᠷᠢᠯᠴᠠᠭᠠᠨ ᠤ ᠨᠡᠶᠢᠲᠡ ᠶᠢᠨ ᠠᠰᠠᠷᠠᠮᠵᠢ ᠶᠢᠨ ᠸᠢᠳᠢᠤ᠋ ᠶᠢ ᠨᠡᠪᠲᠡᠷᠡᠭᠦᠯᠬᠦ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠦᠵᠡᠭᠦᠯᠭᠡ᠂ ᠤᠷᠠᠨ ᠰᠠᠶᠢᠬᠠᠨ ᠤ ᠲᠣᠬᠯᠠᠯᠲᠠ ᠭᠠᠷᠭᠠᠬᠤ᠂ ᠠᠮᠤᠷ ᠲᠦᠪᠰᠢᠨ ᠤ ᠮᠡᠳᠡᠯᠭᠡ ᠶᠢᠨ | ᠱᠠᠩᠨᠠᠯ ᠲᠠᠢ ᠠᠰᠠᠭᠤᠯᠲᠠ ᠬᠠᠷᠢᠭᠤᠯᠲᠠ ᠵᠡᠷᠭᠡ ᠠᠵᠢᠯᠯᠠᠭ᠎ᠠ ᠲᠣᠬᠢᠷᠠᠭᠤᠯᠪᠠ᠃ | |