ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠭᠦᠭᠡᠬᠤᠲᠠ ᠣᠷᠣᠨ ᠤ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2025/4/8
      ᠲᠦᠷᠦᠭᠦᠬᠡᠨ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠭᠦᠭᠡᠬᠤᠲᠠ ᠶᠢᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ 2025 ᠣᠨ ᠤ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠥᠲᠥᠨ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠭᠦᠭᠡᠬᠤᠲᠠ ᠣᠷᠣᠨ ᠤ ᠰᠢᠯᠭᠠᠷᠠᠭᠤᠯᠬᠤ ᠤᠷᠤᠯᠳᠤᠭᠠᠨ ᠭᠦᠭᠡᠬᠤᠲᠠ ᠶᠢᠨ ᠦᠳᠦᠨ ᠪᠥᠮᠪᠦᠭᠡ ᠶᠢᠨ ᠣᠷᠳᠣᠨ ᠳᠤ ᠡᠬᠢᠯᠡᠪᠡ᠃      ᠲᠤᠰ ᠤᠳᠠᠭᠠᠨ ᠤ ᠤᠷᠤᠯᠳᠤᠭᠠᠨ ᠳᠤ ᠨᠡᠶᠢᠲᠡ 125 ᠲᠠᠮᠢᠷᠴᠢᠨ ᠣᠷᠣᠯᠴᠠᠪᠠ᠃ ᠤᠷᠤᠯᠳᠤᠭᠠᠨ ᠳᠤ ᠡᠷᠡᠭᠲᠡᠢ ᠶᠢᠨ ᠲᠠᠩ ᠢᠶᠠᠷ ᠴᠣᠬᠢᠬᠤ ᠪᠠ ᠡᠮᠡᠭᠲᠡᠢ ᠶᠢᠨ ᠲᠠᠩ ᠢᠶᠠᠷ ᠴᠣᠬᠢᠬᠤ ᠬᠤᠶᠠᠷ ᠵᠦᠢᠯ ᠢ ᠲᠣᠬᠢᠷᠠᠭᠤᠯᠵᠤ᠂ ᠨᠡᠶᠢᠲᠡ 198 ᠲᠠᠯᠠᠪᠤᠷ ᠤᠷᠤᠯᠳᠤᠭᠠᠨ ᠶᠠᠪᠤᠭᠳᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠣᠯ ᠣᠷᠣᠨ ᠤ ᠳᠣᠲᠣᠷᠠᠬᠢ ᠬᠠᠮᠤᠭ ᠤᠨ ᠥᠨᠳᠥᠷ ᠲᠦᠪᠰᠢᠨ ᠪᠦᠬᠦᠢ ᠤᠷᠤᠯᠳᠤᠭᠠᠨ ᠤ ᠨᠢᠭᠡ ᠪᠠᠶᠢᠵᠤ᠂ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠴᠤᠭ ᠵᠢᠪᠬᠤᠭ᠎ᠠ ᠶᠢ ᠢᠯᠡᠷᠡᠭᠦᠯᠬᠦ᠂ ᠪᠦᠭᠦ ᠣᠷᠣᠨ ᠤ ᠥᠳᠥᠨ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠬᠦ ᠪᠠ ᠳᠡᠭᠡᠭᠰᠢᠯᠡᠭᠦᠯᠭᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ