ᠣᠶᠢᠷ᠎ᠠ ᠶᠢᠨ ᠵᠢᠯ ᠠᠴᠠ᠂ ᠭᠦᠭᠡᠬᠤᠲᠠ ︽ᠢᠨᠲ᠋ᠧᠷ ᠰᠦᠯᠵᠢᠶ᠎ᠡ + ᠣᠷᠣᠰᠢᠭᠤᠯᠭ᠎ᠠ ᠶᠢᠨ ᠦᠢᠯᠡᠴᠢᠯᠡᠭᠡ︾ ᠶᠢ ᠵᠠᠯᠭᠠᠭ᠎ᠠ ᠪᠠᠷ ᠠᠬᠢᠭᠤᠯᠵᠤ᠂ ᠣᠶᠤᠨᠴᠢ | ᠣᠷᠣᠰᠢᠭᠤᠯᠭ᠎ᠠ ᠶᠢᠨ ︽ᠨᠢᠭᠡ ᠦᠷᠳᠡᠭᠡ ᠮᠠᠶ᠋ᠢᠭ︾ ᠤᠨ ᠦᠢᠯᠡᠴᠢᠯᠡᠭᠡ᠂ ︽ᠡᠭᠦᠯᠡᠨ ᠲᠠᠭᠢᠯᠭ᠎ᠠ︾ ᠲᠣᠭᠠᠴᠢᠯᠠᠭᠰᠠᠨ ᠦᠢᠯᠡᠴᠢᠯᠡᠭᠡ᠂ 24 ᠴᠠᠭ ᠤᠨ | ᠣᠷᠣᠰᠢᠭᠤᠯᠭ᠎ᠠ ᠶᠢᠨ ᠲᠤᠰᠬᠠᠢ ᠤᠲᠠᠰᠤᠨ ᠤ ᠦᠢᠯᠡᠴᠢᠯᠡᠭᠡ ᠵᠡᠷᠭᠡ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠠᠪᠴᠤ᠂ ᠣᠶᠤᠨᠴᠢ ᠣᠷᠣᠰᠢᠭᠤᠯᠭ᠎ᠠ᠂ | ᠰᠦᠯᠵᠢᠶᠡᠨ ᠳᠡᠭᠡᠷ᠎ᠡ ᠲᠡᠭᠢᠯᠭ᠎ᠠ ᠬᠢᠵᠦ ᠳᠤᠷᠠᠰᠤᠨ ᠰᠠᠨᠠᠭᠠᠯᠵᠠᠬᠤ ᠶᠢ ᠬᠡᠷᠡᠭᠵᠢᠭᠦᠯᠪᠡ᠃ | 2024 ᠣᠨ ᠤ 7 ᠰᠠᠷ᠎ᠠ ᠳᠤ᠂ ᠲᠣᠰ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ︽ᠭᠦᠭᠡᠬᠤᠲᠠ ᠶᠢᠨ ᠣᠷᠣᠰᠢᠭᠤᠯᠭ᠎ᠠ︾ ᠲᠠᠪᠴᠠᠩ ᠢ | ᠨᠡᠭᠡᠭᠡᠨ ᠠᠵᠢᠯᠯᠠᠭᠤᠯᠵᠤ᠂ ᠰᠦᠯᠵᠢᠶᠡᠨ ᠳᠡᠭᠡᠷ᠎ᠡ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ | ᠲᠤᠬᠠᠶᠢᠯᠠᠭᠰᠠᠨ ᠠᠵᠢᠯ ᠭᠦᠢᠴᠡᠳᠬᠡᠬᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠵᠡᠷᠭᠡ ᠣᠯᠠᠨ ᠵᠦᠢᠯ ᠤᠨ ᠲᠤᠬᠠᠶᠢᠯᠠᠭᠰᠠᠨ ᠠᠵᠢᠯ ᠢ ᠥᠷᠨᠢᠭᠦᠯᠵᠦ᠂ | ᠣᠶᠤᠨᠴᠢ ᠣᠷᠣᠰᠢᠭᠤᠯᠭ᠎ᠠ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ᠂ ᠣᠷᠣᠰᠢᠭᠤᠯᠭ᠎ᠠ ᠶᠢᠨ ᠦᠢᠯᠡᠴᠢᠯᠡᠭᠡ ᠶᠢ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠵᠦ᠂ ᠨᠠᠰᠤ ᠪᠠᠷᠠᠭᠰᠠᠳ ᠤᠨ ᠭᠡᠷ ᠪᠦᠯᠢ ᠶᠢᠨ ᠬᠢᠨ ᠳᠤ ᠲᠤᠶᠢᠯ ᠤᠨ ᠶᠡᠭᠡ ᠲᠥᠭᠦᠮ ᠦᠵᠡᠭᠦᠯᠵᠦ᠂ ᠠᠵᠢᠯ ᠶᠠᠪᠤᠳᠠᠯ | ᠭᠦᠢᠴᠡᠳᠬᠡᠬᠦ ᠦᠷ᠎ᠡ ᠪᠦᠲᠦᠮᠵᠢ ᠶᠢ 40% ᠪᠠᠷ ᠳᠡᠭᠡᠭᠰᠢᠯᠡᠭᠦᠯᠵᠤ᠂ ᠣᠳᠣᠬᠠᠨ ᠳᠤ᠂ ᠨᠢᠭᠡᠨᠲᠡ 5426 ᠭᠡᠷ ᠪᠦᠯᠢ ᠳᠤ ᠰᠦᠯᠵᠢᠶᠡᠨ ᠳᠡᠭᠡᠷᠡᠬᠢ ︽ᠨᠢᠭᠡ | ᠥᠷᠲᠡᠭᠡ ᠮᠠᠶ᠋ᠢᠭ︾ ᠤᠨ ᠦᠢᠯᠡᠴᠢᠯᠡᠭᠡ ᠬᠠᠩᠭᠠᠵᠠᠢ᠃ | 2023 ᠣᠨ ᠳᠤ᠂ ᠭᠦᠭᠡᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠᠰᠠ ︽ᠭᠦᠭᠡᠬᠤᠲᠠ ᠶᠢᠨ ᠡᠭᠦᠯᠡᠨ ᠲᠠᠭᠢᠯᠭ᠎ᠠ︾ ᠶᠢᠨ | ᠲᠠᠪᠴᠠᠩ ᠢ ᠨᠡᠭᠡᠭᠡᠵᠦ᠂ ᠥᠷᠭᠡᠨ ᠣᠯᠠᠨ ᠬᠤᠲᠠ ᠶᠢᠨ ᠠᠷᠠᠳ ᠵᠢᠷᠭᠢᠶ᠎ᠡ ᠠᠴᠠ ᠬᠠᠶᠢᠬᠤ ᠪᠤᠶᠤ ᠺᠣᠳ᠋ ᠰᠢᠷᠪᠢᠬᠦ ᠪᠠᠷ ᠳᠡᠮᠵᠢᠨ ︽ᠭᠦᠭᠡᠬᠤᠲᠠ ᠶᠢᠨ | ᠣᠷᠣᠰᠢᠭᠤᠯᠭ᠎ᠠ︾ ᠵᠢᠵᠢᠭ ᠫᠷᠣᠭ᠍ᠷᠠᠮ ᠳᠤ ᠣᠷᠣᠵᠤ᠂ ︽ᠭᠦᠭᠡᠬᠤᠲᠠ ᠶᠢᠨ ᠡᠭᠦᠯᠡᠨ ᠲᠠᠭᠢᠯᠭ᠎ᠠ︾ ᠭᠡᠬᠦ ᠳᠠᠷᠤᠪᠴᠢ ᠶᠢ ᠳᠣᠶ᠋ᠢᠵᠤ᠂ ᠣᠩᠭᠤᠨ ᠤ ᠬᠦᠷᠢᠶᠡᠯᠡᠩ ᠢ | ᠰᠣᠩᠭᠤᠵᠤ ᠳᠤᠷᠠᠰᠬᠠᠯ ᠤᠨ ᠣᠷᠳᠣᠨ ᠪᠠᠶᠢᠭᠤᠯᠤᠭᠰᠠᠨ ᠤ ᠳᠠᠷᠠᠭ᠎ᠠ᠂ ᠰᠦᠯᠵᠢᠶᠡᠨ ᠳᠡᠭᠡᠷᠡᠬᠢ ᠲᠠᠭᠢᠯᠭ᠎ᠠ ᠬᠢᠵᠦ ᠭᠠᠰᠢᠭᠤᠳᠠᠯ ᠢᠶᠠᠨ ᠢᠯᠡᠳᠬᠡᠵᠦ ᠪᠣᠯᠣᠨ᠎ᠠ᠃ | ᠲᠣᠰ ᠲᠠᠪᠴᠠᠩ ᠨᠡᠭᠡᠭᠡᠭᠳᠡᠭᠰᠡᠨ ᠤ ᠳᠠᠷᠠᠭ᠎ᠠ᠂ ᠬᠠᠷᠢ ᠨᠤᠲᠤᠭ ᠲᠤ ᠪᠠᠶᠢᠭ᠎ᠠ ᠬᠥᠮᠥᠰ ᠬᠦᠷᠴᠦ ᠢᠷᠡᠬᠦ ᠴᠢᠬᠤᠯᠠ ᠦᠭᠡᠢ ᠪᠣᠯᠵᠤ᠂ ᠰᠦᠯᠵᠢᠶ᠎ᠡ ᠪᠠᠷ ᠳᠠᠮᠵᠢᠨ ᠨᠠᠰᠤ | ᠪᠠᠷᠠᠭᠰᠠᠨ ᠲᠥᠷᠥᠯ ᠰᠠᠳᠤᠨ ᠳᠠᠭᠠᠨ ᠴᠡᠴᠡᠭ ᠬᠦᠷᠭᠡᠵᠦ᠂ ᠬᠦᠵᠢ ᠡᠷᠭᠦᠨ᠂ ᠲᠥᠪ ᠶᠡᠬᠡᠮᠰᠦᠭ ᠢᠶᠠᠷ ᠲᠠᠭᠢᠯᠭ᠎ᠠ ᠬᠢᠵᠦ ᠪᠣᠯᠣᠨ᠎ᠠ᠃ ᠡᠨᠡ ᠵᠢᠯ ᠠᠴᠠ ᠨᠠᠭᠠᠰᠢ᠂ | ᠨᠢᠭᠡᠨᠲᠡ 11684 ᠬᠥᠮᠥᠨ ︽ᠰᠦᠯᠵᠢᠶᠡᠨ ᠳᠡᠭᠡᠷᠡᠬᠢ ᠡᠭᠦᠯᠡᠨ ᠲᠠᠭᠢᠯᠭ᠎ᠠ︾ ᠪᠠᠷ ᠳᠡᠮᠵᠢᠨ ᠨᠠᠰᠤ ᠪᠠᠷᠠᠭᠰᠠᠨ ᠲᠥᠷᠥᠯ ᠰᠠᠳᠤᠨ ᠭᠡᠷ ᠤᠨ ᠬᠥᠮᠥᠰ ᠢᠶᠠᠨ | ᠳᠠᠭᠢᠵᠤ᠂ ᠳᠥᠭᠦᠮ ᠳᠥᠲᠡ ᠮᠥᠷᠲᠡᠭᠡᠨ ᠪᠣᠬᠢᠷᠳᠤᠯ ᠦᠭᠡᠢ ᠪᠠᠶᠢᠬᠤ ᠶᠢ ᠪᠡᠶᠡᠯᠡᠭᠦᠯᠪᠡ᠃ | 2024 ᠣᠨ ᠤ 7 ᠰᠠᠷ᠎ᠠ ᠳᠤ᠂ ᠲᠣᠰ ᠬᠤᠲᠠ ᠶᠢᠨ ᠨᠡᠭᠡᠭᠡᠭᠰᠡᠨ ︽96444︾ ᠣᠷᠣᠰᠢᠭᠤᠯᠭ᠎ᠠ ᠶᠢᠨ ᠦᠢᠯᠡᠴᠢᠯᠡᠭᠡᠨ ᠤ ᠲᠤᠰᠬᠠᠢ ᠤᠲᠠᠰᠤ ᠨᠢ | ︽24 ᠴᠠᠭ︾ ᠢᠶᠠᠷ ᠦᠢᠯᠡᠴᠢᠯᠡᠬᠦ ᠳᠦᠷᠢᠮ ᠢ ᠬᠡᠷᠡᠭᠵᠢᠭᠦᠯᠵᠦ᠂ ᠠᠷᠠᠳ ᠲᠤ ᠲᠥᠭᠦᠮ ᠦᠵᠡᠭᠦᠯᠭᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠣᠯᠠᠨ ᠲᠦᠮᠡᠨ ᠶᠠᠮᠠᠷᠪᠠ ᠴᠠᠭ ᠲᠤ ᠲᠤᠰᠬᠠᠢ ᠤᠲᠠᠰᠤ ᠪᠠᠷ ᠳᠠᠮᠵᠢᠨ ᠲᠤᠬᠠᠶᠢᠯᠠᠭᠰᠠᠨ ᠠᠵᠢᠯ ᠭᠦᠢᠴᠡᠳᠬᠡᠵᠦ᠂ ᠠᠰᠠᠭᠤᠨ ᠯᠠᠪᠯᠠᠵᠤ᠂ ᠵᠠᠭᠠᠯᠳᠤᠵᠤ ᠢᠯᠡᠴᠢᠯᠡᠨ | ᠮᠡᠳᠡᠭᠦᠯᠵᠦ ᠪᠣᠯᠣᠨ᠎ᠠ᠃ ᠲᠣᠰ ᠣᠷᠣᠰᠢᠭᠤᠯᠭ᠎ᠠ ᠶᠢᠨ ᠦᠢᠯᠡᠴᠢᠯᠡᠭᠡᠨ ᠤ ᠲᠤᠰᠬᠠᠢ ᠤᠲᠠᠰᠤ ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠠᠵᠢᠯᠲᠠᠳ | ᠭᠥᠯᠢᠶᠡᠨ ᠠᠪᠴᠤ ᠦᠢᠯᠡᠴᠢᠯᠡᠬᠦ ᠶᠠᠪᠤᠴᠠ ᠳᠠᠭᠠᠨ᠂ ᠠᠷᠠᠳ ᠲᠤ ᠠᠰᠢᠭ ᠬᠦᠷᠲᠡᠭᠡᠬᠦ ᠣᠶᠤᠨᠴᠢ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ | ᠤᠬᠠᠭᠤᠯᠵᠤ᠂ ᠣᠯᠠᠨ ᠲᠦᠮᠡᠨ ᠤ ᠣᠷᠣᠰᠢᠭᠤᠯᠭ᠎ᠠ ᠶᠢ ᠪᠣᠯᠪᠠᠰᠤᠨ ᠢᠶᠠᠷ ᠬᠢᠬᠦ᠂ ᠪᠣᠯᠪᠠᠰᠤᠨ ᠢᠶᠠᠷ ᠲᠠᠭᠢᠯᠭ᠎ᠠ ᠬᠢᠬᠦ ᠶᠢ ᠬᠥᠲᠥᠯᠥᠨ ᠵᠢᠯᠤᠭᠤᠳᠴᠤ᠂ ᠣᠲᠣ | ᠨᠢᠭᠡᠨᠲᠡ ᠰᠦᠯᠵᠢᠶᠡᠨ ᠳᠡᠭᠡᠷ᠎ᠡ 6000 ᠰᠢᠬᠠᠮ ᠬᠥᠮᠥᠨ ᠤᠳᠠᠭ᠎ᠠ ᠦᠢᠯᠡᠴᠢᠯᠡᠭᠡ ᠬᠠᠩᠭᠠᠵᠤ᠂ ᠣᠷᠣᠰᠢᠭᠤᠯᠭ᠎ᠠ ᠬᠢᠵᠦ ᠥᠩᠭᠡᠷᠡᠭᠰᠡᠨ 741 ᠣᠯᠠᠨ | ᠲᠦᠮᠡᠨ ᠢ ᠲᠠᠰᠢᠷᠠᠮ ᠢᠶᠠᠷ ᠬᠠᠷᠢᠭᠤ ᠰᠤᠷᠪᠤᠯᠵᠢᠯᠠᠵᠤ᠂ ᠣᠯᠠᠨ ᠲᠦᠮᠡᠨ ᠤ ᠣᠷᠣᠰᠢᠭᠤᠯᠭ᠎ᠠ ᠶᠢᠨ ᠦᠢᠯᠡᠴᠢᠯᠡᠭᠡ ᠶᠢᠨ ᠲᠤᠬᠠᠢ ᠬᠠᠨᠤᠮᠵᠢ ᠶᠢᠨ ᠨᠣᠷᠮ᠎ᠠ 95 % | ᠠᠴᠠ ᠳᠡᠭᠡᠭᠰᠢ ᠳᠤ ᠬᠦᠷᠴᠡᠢ᠃ | | | |