ᠬᠠᠮᠲᠤ ᠪᠠᠷ ᠰᠠᠬᠢᠨ ᠬᠠᠮᠠᠭᠠᠯᠠᠵᠤ ᠬᠠᠮᠲᠤ ᠪᠠᠷ ᠦᠰᠦᠨ ᠪᠣᠶᠢᠵᠢᠨ᠎ᠠ
ᠨᠡᠶᠢᠲᠡᠯᠡᠭᠰᠡᠨ ᠴᠠᠭ᠄
2025/4/8
      ᠪᠦᠭᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠳᠤ᠂ ᠮᠠᠨ ᠤ ᠣᠷᠣᠨ ᠤ 2000 ᠭᠠᠷᠤᠢ ᠳᠤᠮᠳᠠᠳᠤ ᠪᠠᠭ᠎ᠠ ᠰᠤᠷᠭᠠᠭᠤᠯᠢ ᠵᠡᠷᠭᠡ ᠪᠠᠷ ᠡᠯᠪᠡᠭ ᠪᠠᠶᠠᠯᠢᠭ ᠠᠭᠤᠯᠭ᠎ᠠ ᠪᠦᠬᠦᠢ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃
zf0408020122.jpg
      ᠭᠠᠯ ᠤᠨᠲᠠᠷᠠᠭᠠᠬᠤ ᠪᠠᠭᠠᠵᠢ ᠶᠢ ᠵᠠᠷᠤᠬᠤ ᠲᠤᠬᠠᠢ ᠵᠢᠭᠠᠨ᠎ᠠ      3 ᠰᠠᠷ᠎ᠠ ᠶᠢᠨ 31 ᠤ ᠡᠳᠦᠷ᠂ ᠭᠦᠭᠡᠬᠤᠳᠠ ᠶᠢᠨ ᠰᠠᠶᠢᠬᠠᠨ ᠲᠣᠭᠤᠷᠢᠭ ᠤᠨ ᠵᠤᠤ ᠤᠳᠠ ᠪᠠᠭ᠎ᠠ ᠰᠤᠷᠭᠠᠭᠤᠯᠢ ᠪᠦᠭᠦ ᠰᠤᠷᠭᠠᠭᠤᠯᠢ ᠶᠢᠨ ᠪᠠᠭᠰᠢ ᠰᠤᠷᠤᠬᠴᠢᠳ ᠢᠶᠠᠨ ᠵᠣᠬᠢᠶᠠᠨ ᠪᠠᠶᠢᠭᠤᠯᠤᠨ᠂ ᠭᠠᠵᠠᠷ ᠬᠥᠳᠡᠯᠦᠯᠲᠡ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠰᠤᠷᠤᠬᠴᠢᠳ ᠲᠠᠭᠠᠨ ᠠᠮᠢᠳᠤᠯᠢᠭ ᠪᠣᠳᠠᠲᠠᠢ ᠠᠮᠤᠷ ᠲᠦᠪᠰᠢᠨ ᠤ ᠬᠥᠮᠦᠵᠢᠯ ᠬᠢᠪᠡ᠃ ᠰᠤᠷᠤᠬᠴᠢᠳ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠵᠦ᠂ ᠭᠠᠵᠠᠷ ᠬᠥᠳᠡᠯᠦᠯᠲᠡ ᠡᠭᠦᠰᠬᠦ ᠦᠶ᠎ᠡ ᠳᠤ ᠥᠪᠡᠷ ᠢ ᠪᠠᠨ ᠬᠡᠷᠬᠢᠨ ᠬᠠᠮᠠᠭᠠᠯᠠᠬᠤ᠂ VR ᠲᠥᠬᠦᠭᠡᠷᠦᠮᠵᠢ ᠪᠠᠷ ᠭᠠᠵᠠᠷ ᠬᠥᠳᠡᠯᠦᠯᠲᠡ ᠶᠢᠨ ᠬᠥᠨᠥᠭᠡᠯ ᠢ ᠰᠡᠷᠭᠡᠶᠢᠯᠡᠬᠦ ᠮᠡᠳᠡᠯᠭᠡ ᠶᠢ ᠰᠤᠷᠤᠯᠴᠠᠵᠤ᠂ ᠵᠢᠷᠦᠬᠡ ᠠᠭᠤᠰᠬᠢᠨ ᠤ ᠠᠵᠢᠯᠯᠠᠭ᠎ᠠ  ᠶᠢ ᠰᠡᠷᠭᠦᠭᠡᠬᠦ ᠠᠪᠤᠷᠠᠯᠳᠠ ᠬᠢᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠬᠢᠨ ᠬᠡᠷᠡᠭᠯᠡᠬᠦ᠂ ᠭᠠᠯ ᠤᠨ ᠠᠶᠤᠯ ᠠᠴᠠ ᠬᠡᠷᠬᠢᠨ ᠳᠤᠲᠠᠭᠠᠬᠤ ᠮᠡᠲᠦ ᠶᠢᠨ ᠠᠭᠤᠯᠭ᠎ᠠ ᠶᠢ ᠠᠮᠢᠳᠤᠯᠢᠭ ᠪᠣᠳᠠᠲᠠᠢ ᠪᠠᠶᠠᠳᠠᠨ ᠣᠶᠢᠯᠠᠭᠠᠪᠠ᠃
zf0408020222.jpg
      ᠭᠠᠵᠠᠷ ᠬᠥᠳᠡᠯᠦᠯᠲᠡ ᠶᠢᠨ ᠭᠠᠮᠰᠢᠭ ᠠᠴᠠ ᠵᠠᠶᠢᠯᠠᠬᠤ ᠲᠤᠬᠠᠢ ᠮᠡᠳᠡᠯᠭᠡ ᠰᠤᠷᠤᠯᠴᠠᠨ᠎ᠠ      ︽ᠥᠨᠥᠳᠥᠷ ᠤᠨ ᠠᠵᠢᠯᠯᠠᠭ᠎ᠠ ᠠᠴᠠ ᠪᠢ ᠭᠠᠵᠠᠷ ᠬᠥᠳᠡᠯᠦᠯᠲᠡ ᠶᠢᠨ ᠭᠠᠮᠰᠢᠭ ᠠᠴᠠ ᠵᠠᠶᠢᠯᠠᠬᠤ ᠲᠤᠬᠠᠢ ᠤᠯᠠᠨ ᠮᠡᠳᠡᠯᠭᠡ ᠶᠢ ᠰᠤᠷᠤᠬᠰᠠᠨ᠂ ᠵᠢᠷᠦᠬᠡ ᠠᠭᠤᠰᠬᠢᠨ ᠤ ᠠᠵᠢᠯᠯᠠᠭ᠎ᠠ ᠵᠣᠭᠰᠣᠭᠰᠠᠨ ᠬᠥᠮᠥᠨ ᠢ ᠬᠡᠷᠬᠢᠨ ᠠᠪᠤᠷᠠᠬᠤ ᠲᠤᠬᠠᠢ ᠳᠡᠰ ᠳᠠᠷᠠᠭ᠎ᠠ ᠲᠠᠢ ᠬᠢᠵᠦ ᠰᠤᠷᠤᠬᠰᠠᠨ᠃ ᠡᠶᠢᠮᠦᠷᠬᠦᠦ ᠮᠡᠳᠡᠯᠭᠡ ᠶᠢ ᠡᠵᠡᠮᠰᠢᠬᠦ  ᠨᠢ ᠥᠪᠡᠷ ᠪᠤᠰᠤᠳ ᠢ ᠠᠶᠤᠯ ᠲᠦᠭᠰᠢᠭᠦᠷᠢ ᠠᠴᠠ ᠵᠠᠶᠢᠯᠠᠭᠤᠯᠵᠤ ᠴᠢᠳᠠᠨ᠎ᠠ᠂ ᠮᠥᠨ ᠴᠤ ᠠᠮᠢ ᠨᠠᠰᠤ ᠡᠷᠬᠢᠮ ᠨᠠᠨᠳᠢᠨ ᠪᠠᠶᠢᠬᠤ ᠶᠢ ᠭᠦᠨᠵᠡᠭᠡᠢ ᠣᠶᠢᠯᠠᠭᠠᠭᠰᠠᠨ︾ ᠭᠡᠵᠦ ᠰᠤᠷᠭᠠᠭᠤᠯᠢ ᠶᠢᠨ ᠳᠥᠷᠪᠡᠳᠦᠭᠡᠷ ᠣᠨ ᠤ ᠰᠤᠷᠤᠬᠴᠢ ᠵᠦ ᠶᠤᠸᠠᠢ ᠲᠦᠩ ᠶᠠᠷᠢᠯ᠎ᠠ᠃
zf0408020322.jpg
      ᠲᠦᠷᠭᠡᠨ ᠠᠪᠤᠷᠠᠯᠳᠠ ᠬᠢᠬᠦ  ᠶᠢ  ᠰᠤᠷᠤᠯᠴᠠᠨ᠎ᠠ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ