ᠥᠪᠥᠷ ᠮᠣᠩᠭᠤᠯ ᠤᠨ ᠠᠩᠬᠠᠳᠤᠭᠴᠢ ᠡᠭᠡᠯᠵᠢ ᠶᠢᠨ ᠲᠡᠮᠦᠷ ᠵᠠᠮ ᠤᠨ ᠲᠡᠭᠡᠭᠡᠪᠦᠷᠢ ᠶᠢ ᠳᠠᠯᠠᠢ ᠶᠢᠨ ᠲᠡᠭᠡᠭᠡᠪᠦᠷᠢ ᠯᠦᠭᠡ ᠬᠠᠮᠲᠤᠳᠬᠠᠭᠰᠠᠨ ︽ᠨᠢᠭᠡ ᠪᠠᠷᠢᠮᠲᠠ ᠪᠠᠷ ᠬᠦᠢᠴᠡᠳᠭᠡᠬᠦ ᠳᠦᠷᠢᠮ︾ ᠤᠨ ᠲᠤᠰᠬᠠᠢ ᠭᠠᠯᠲᠤ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2025/4/8
     
040801.jpg
      ᠣᠶᠢᠷ᠎ᠠ ᠳᠤ᠂ ᠭᠤᠤ ᠯᠢᠩ ᠰᠢᠷᠣᠢ᠂ ᠠᠮᠲᠠᠨ ᠣᠬᠢ ᠵᠡᠷᠭᠡ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠭᠠᠯᠲᠤ ᠲᠡᠷᠭᠡ ᠬᠥᠬᠡᠬᠤᠲᠠ ᠶᠢᠨ ᠰᠢᠨ ᠴᠠᠩ ᠲᠡᠮᠦᠷ ᠵᠠᠮ ᠤᠨ ᠲᠤᠰᠬᠠᠢ ᠱᠤᠭᠤᠮ ᠠᠴᠠ ᠡᠬᠢᠯᠡᠨ ᠬᠥᠳᠡᠯᠪᠡ᠃ ᠲᠤᠰᠬᠠᠶ ᠭᠠᠯᠲᠤ ᠲᠡᠷᠭᠡ 3 ᠡᠳᠦᠷ ᠤᠨ ᠳᠠᠷᠠᠭ᠎ᠠ ᠰᠢᠨ ᠭᠠᠩ ᠬᠤᠶᠢᠲᠤ ᠦᠷᠲᠡᠭᠡ ᠶᠢ ᠳᠠᠭᠠᠷᠢᠨ᠂ ᠳᠠᠷᠠᠭ᠎ᠠ ᠨᠢ ᠲᠡᠯᠡᠶ ᠶᠢᠨ ᠲᠡᠭᠡᠭᠡᠪᠦᠷᠢ ᠪᠠᠷ ᠭᠤᠸᠠᠩᠳᠦ᠋ᠩ ᠤᠨ ᠱᠠᠨ ᠲᠸᠦ ᠭᠠᠷᠠᠮ ᠳᠤ ᠬᠦᠷᠦᠨ᠎ᠡ᠂ ᠲᠡᠭᠡᠭᠡᠪᠦᠷᠢ ᠪᠦᠬᠦ ᠶᠠᠪᠤᠴᠠ 9 ᠡᠳᠦᠷ ᠂ ᠤᠤᠯ ᠤᠨ ᠲᠡᠭᠡᠭᠡᠪᠦᠷᠢᠯᠡᠬᠦ  ᠴᠠᠭ ᠠᠴᠠ 3 ᠡᠳᠦᠷ ᠣᠷᠴᠢᠮ ᠪᠤᠭᠤᠨᠢᠰᠴᠠᠢ᠃ ᠡᠨᠡ ᠪᠣᠯ ᠥᠪᠥᠷ ᠮᠣᠩᠭᠤᠯ ᠤᠨ ᠠᠩᠬᠠᠳᠤᠭᠴᠢ ᠡᠭᠡᠯᠵᠢ ᠶᠢᠨ ᠲᠡᠮᠦᠷ ᠵᠠᠮ ᠤᠨ ᠲᠡᠭᠡᠭᠡᠪᠦᠷᠢ ᠶᠢ ᠳᠠᠯᠠᠢ ᠶᠢᠨ ᠲᠡᠭᠡᠭᠡᠪᠦᠷᠢ ᠯᠦᠭᠡ ᠬᠠᠮᠲᠤᠳᠬᠠᠭᠰᠠᠨ ︽ᠨᠢᠭᠡ ᠪᠠᠷᠢᠮᠲᠠ ᠪᠠᠷ ᠬᠦᠢᠴᠡᠳᠭᠡᠬᠦ ᠳᠦᠷᠢᠮ︾ ᠤᠨ ᠲᠤᠰᠬᠠᠢ ᠭᠠᠯᠲᠤ ᠲᠡᠷᠭᠡ ᠪᠣᠯᠤᠨ᠎ᠠ᠃      ᠤᠯᠠᠮᠵᠢᠯᠠᠯᠲᠤ ᠴᠢᠩᠭᠡᠯᠢᠭ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠲᠠᠢ ᠬᠠᠷᠢᠴᠠᠭᠤᠯᠪᠠᠯ᠂ ︽ᠨᠢᠭᠡ ᠪᠠᠷᠢᠮᠲᠠ ᠪᠠᠷ ᠬᠦᠢᠴᠡᠳᠭᠡᠬᠦ ᠳᠦᠷᠢᠮ︾ ᠤᠨ ᠲᠡᠭᠡᠭᠡᠪᠦᠷᠢ ᠨᠢ ︽ᠨᠢᠭᠡ ᠤᠳᠠᠭ᠎ᠠ ᠳᠠᠭᠠᠭᠠᠯᠭᠠᠬᠤ᠂ ᠨᠢᠭᠡ ᠪᠠᠷᠢᠮᠲᠠ ᠪᠠᠷ ᠭᠦᠢᠴᠡᠳᠬᠡᠬᠦ᠂ ᠨᠢᠭᠡ ᠴᠢᠩᠭᠡᠯᠢᠭ ᠢᠶᠠᠷ ᠲᠡᠭᠡᠭᠡᠪᠦᠷᠢᠯᠡᠬᠦ᠂ ᠨᠢᠭᠡ ᠤᠳᠠᠭ᠎ᠠ ᠲᠣᠭᠠᠴᠠᠭ᠎ᠠ ᠬᠢᠬᠦ︾ ᠣᠨᠴᠠᠯᠢᠭ ᠲᠠᠢ ᠪᠠᠶᠢᠵᠤ᠂  ᠬᠡᠷᠡᠭᠯᠡᠭᠴᠢ ᠬᠢᠭᠡᠳ ᠲᠡᠮᠦᠷ ᠵᠠᠮ᠂ ᠤᠰᠤᠨ ᠲᠡᠭᠡᠭᠡᠪᠦᠷᠢ ᠵᠡᠷᠭᠡ ᠣᠯᠠᠨ ᠲᠡᠭᠡᠭᠡᠪᠦᠷᠢᠯᠡᠭᠴᠢ ᠲᠠᠢ ᠨᠡᠪᠲᠡᠷᠡᠯᠴᠡᠬᠦ ᠶᠠᠪᠤᠴᠠ ᠶᠢ ᠴᠣᠮᠬᠠᠳᠬᠠᠨ᠂ ᠲᠡᠭᠡᠭᠡᠪᠦᠷᠢ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠶᠡᠷᠦᠩᠬᠡᠶᠢᠯᠡᠭᠰᠡᠨ ᠪᠠᠷᠠᠭᠠᠨ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠪᠠ᠃ ᠲᠠᠨᠢᠯᠴᠠᠭᠤᠯᠤᠭᠰᠠᠨ ᠢᠶᠠᠷ᠂ ᠲᠡᠮᠦᠷ ᠵᠠᠮ ᠤᠨ ᠲᠡᠭᠡᠭᠡᠪᠦᠷᠢ ᠶᠢ ᠳᠠᠯᠠᠢ ᠶᠢᠨ ᠲᠡᠭᠡᠭᠡᠪᠦᠷᠢ ᠯᠦᠭᠡ ᠬᠠᠮᠲᠤᠳᠬᠠᠭᠰᠠᠨ ︽ᠨᠢᠭᠡ ᠪᠠᠷᠢᠮᠲᠠ ᠪᠠᠷ ᠬᠦᠢᠴᠡᠳᠭᠡᠬᠦ ᠳᠦᠷᠢᠮ︾ ᠤᠨ ᠲᠡᠭᠡᠭᠡᠪᠦᠷᠢ ᠨᠢ ᠴᠠᠭ ᠪᠠ ᠬᠦᠴᠦ ᠶᠢ ᠠᠷᠪᠢᠯᠠᠵᠤ᠂ ᠤᠰᠤᠨ ᠲᠡᠭᠡᠭᠡᠪᠦᠷᠢ ᠪᠠ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠺᠣᠮᠫᠠᠨᠢ ᠲᠠᠢ ᠳᠠᠬᠢᠨ ᠬᠠᠷᠢᠯᠴᠠᠬᠤ ᠴᠢᠬᠤᠯᠠ ᠦᠭᠡᠢ ᠪᠠᠶᠢᠵᠦ᠂ ᠪᠠᠷᠠᠭᠠᠨ ᠭᠦᠢᠯᠭᠡᠭᠡᠨ ᠤ ᠪᠦᠬᠦ ᠶᠠᠪᠤᠴᠠ ᠶᠢ ᠴᠥᠮ ᠲᠡᠮᠦᠷ ᠵᠠᠮ ᠤᠨ ᠰᠠᠯᠠᠭ᠎ᠠ ᠮᠥᠴᠢᠷ ᠠᠴᠠ ᠨᠢᠭᠡᠳᠦᠯᠲᠡᠢ ᠲᠥᠯᠥᠪᠯᠡᠵᠦ᠂ ᠶᠡᠷᠦᠩᠬᠡᠶᠢᠯᠡᠭᠰᠡᠨ ᠪᠠᠷᠠᠭᠠᠨ ᠭᠦᠢᠯᠭᠡᠭᠡᠨ ᠤ ᠥᠪᠡᠷ ᠤᠨ ᠥᠷᠲᠡᠭ ᠢ 25% ᠣᠷᠴᠢᠮ ᠪᠠᠭᠤᠷᠠᠭᠤᠯᠵᠤ ᠴᠢᠳᠠᠨ᠎ᠠ᠃      ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ