ᠬᠥᠬᠡᠬᠤᠲᠠ ᠶᠢᠨ ᠠᠩᠬᠠᠳᠠᠭᠴᠢ ᠳᠣᠤᠷ᠎ᠠ ᠤᠭᠲᠠᠷᠭᠤᠢ ᠶᠢᠨ ᠪᠠᠷᠠᠭᠠᠨ ᠭᠦᠢᠯᠭᠡᠭᠡᠨ ᠤ ᠬᠡᠷᠡᠭᠯᠡᠭᠡᠨ ᠤ ᠠᠶᠠᠯᠠᠯ ᠤᠨ ᠱᠤᠭᠤᠮ ᠠᠮᠵᠢᠯᠲᠠ ᠲᠠᠢ ᠲᠤᠷᠰᠢᠨ ᠨᠢᠰᠪᠡ
ᠨᠡᠶᠢᠲᠡᠯᠡᠭᠰᠡᠨ ᠴᠠᠭ᠄
2025/4/8
     
0408.jpg
      ︵ᠰᠤᠷᠪᠤᠯᠵᠢᠯᠠᠭᠴᠢ ᠶᠠᠩ ᠼᠠᠢ ᠰᠢᠶᠠ︶ ᠣᠶᠢᠷ᠎ᠠ ᠳᠤ᠂ ︽ᠳᠣᠤᠷ᠎ᠠ ᠤᠭᠲᠠᠷᠭᠤᠢ ᠶᠢᠨ ᠠᠶᠠᠯᠠᠯ ᠢᠶᠠᠷ ᠬᠠᠲᠤᠨ ᠭᠤᠤᠯ ᠢ ᠲᠣᠭᠤᠯᠬᠤ︾ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠳᠠᠵᠤ᠂ ᠠᠩᠬᠠᠳᠠᠭᠴᠢ ᠳᠣᠤᠷ᠎ᠠ ᠤᠭᠲᠠᠷᠭᠤᠢ ᠶᠢᠨ ᠪᠠᠷᠠᠭᠠᠨ ᠭᠦᠢᠯᠭᠡᠭᠡᠨ ᠤ ᠬᠡᠷᠡᠭᠯᠡᠭᠡᠨ ᠤ ᠠᠶᠠᠯᠠᠯ ᠤᠨ ᠱᠤᠭᠤᠮ ᠢ ᠠᠮᠵᠢᠯᠲᠠ ᠲᠠᠢ ᠪᠠᠷ ᠲᠤᠷᠰᠢᠨ ᠨᠢᠰᠪᠡ᠃ ᠲᠣᠰ ᠤᠳᠠᠭᠠᠨ ᠤ ᠲᠤᠷᠰᠢᠨ ᠨᠢᠰᠦᠯᠲᠡ ᠨᠢ ᠬᠥᠬᠡᠬᠤᠲᠠ ᠶᠢᠨ ᠳᠣᠤᠷ᠎ᠠ ᠤᠭᠲᠠᠷᠭᠤᠢ ᠶᠢᠨ ᠪᠠᠷᠠᠭᠠᠨ ᠭᠦᠢᠯᠭᠡᠭᠡᠨ ᠤ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠭᠡᠭᠡᠬᠦ ᠳᠤ ᠵᠢᠱᠢᠶ᠎ᠡ ᠦᠵᠡᠭᠦᠯᠦᠨ ᠳᠠᠭᠠᠭᠤᠯᠬᠤ ᠠᠴᠢ ᠬᠤᠯᠪᠣᠭᠳᠠᠯ ᠲᠠᠢ ᠶᠤᠮ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠨᠢᠰᠦᠯᠲᠡ ᠶᠢᠨ ᠡᠭᠦᠷᠭᠡ ᠳᠤ ᠰᠢ ᠠᠨ ᠤ ᠰᠢᠩ ᠵᠠᠨ ᠬᠢᠨᠠᠨ ᠡᠵᠡᠮᠳᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠤᠳᠤᠯᠤᠨ ᠦᠢᠯᠡᠳᠦᠭᠰᠡᠨ ᠳᠤᠮᠳᠠ ᠬᠤᠯᠠ ᠵᠠᠶ ᠶᠢ ᠬᠠᠮᠤᠷᠤᠭᠰᠠᠨ ᠲᠣᠬᠢᠷᠠᠭᠤᠯᠤᠨ ᠬᠦᠷᠭᠡᠬᠦ FS35E ᠨᠡᠶᠢᠯᠡᠮᠡᠯ ᠵᠢᠭᠦᠷᠲᠦ ᠪᠠᠷᠠᠭᠠᠨ ᠭᠦᠢᠯᠭᠡᠭᠡᠨ ᠤ ᠵᠢᠯᠣᠭᠤᠴᠢ ᠦᠭᠡᠢ ᠨᠢᠰᠬᠡᠯ ᠢ ᠬᠡᠷᠡᠭᠯᠡᠵᠦ᠂ ᠬᠤᠷᠳᠤᠴᠠ ᠨᠢ 108km/h ᠲᠤ ᠬᠦᠷᠴᠦ᠂ ᠬᠡᠳᠦ ᠬᠠᠷᠠᠭ᠎ᠠ ᠶᠢᠨ ᠵᠠᠭᠪᠤᠷ ᠢᠶᠠᠷ 80 ᠺᠢᠯᠣᠮᠧᠲᠷ ᠰᠢᠬᠠᠮ ᠨᠢᠰᠴᠦ᠂ ᠪᠠᠷᠤᠭ 40 ᠮᠢᠨᠦ᠋ᠲ ᠵᠠᠷᠤᠴᠠᠭᠤᠯᠵᠤ᠂ ᠨᠢᠰᠦᠯᠲᠡ ᠶᠢᠨ ᠥᠨᠳᠥᠷ ᠨᠢ 300 ᠮᠧᠲᠷ ᠪᠠᠶᠢᠵᠤ᠂ ᠲᠣᠭᠲᠠᠬᠤ ᠰᠢᠶᠠᠨ ᠠᠴᠠ ᠬᠥᠬᠡᠬᠤᠲᠠ ᠶᠢᠨ ᠰᠠᠨᠰᠠᠷ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠬᠠᠲᠤᠨ ᠭᠤᠣᠯ ᠤᠨ ᠮᠥᠷᠭᠦ ᠵᠢᠭᠠᠰᠤ ᠶᠢ ᠠᠮᠵᠢᠯᠲᠠ ᠲᠠᠢ ᠪᠠᠷ ᠬᠦᠷᠭᠡᠭᠰᠡᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ