ᠬᠤᠲᠠ ᠶᠢᠨ ᠨᠠᠮ ᠤᠨ ᠬᠤᠷᠢᠶ᠎ᠠ ᠨᠡᠶᠢᠭᠡᠮ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9
ᠪᠣᠣ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠨᠡᠶᠢᠭᠡᠮ ᠤᠨ ᠠᠵᠢᠯ ᠤᠨ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠤ ᠲᠥᠪ ᠬᠤᠲᠠ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠠᠮᠢᠶ᠎ᠠ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠰᠢᠨ᠎ᠡ ᠬᠤᠲᠠ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ᠂ ᠬᠠᠶᠢᠯᠠᠷ ᠵᠠᠮ ᠤᠨ ᠵᠡᠭᠡᠯᠢ ᠭᠤᠳᠤᠮᠵᠢ ᠶᠢᠨ ᠴᠡᠷᠢᠭ ᠤᠨ ᠲᠣᠭᠤᠷᠢᠭ ᠤᠨ ᠨᠡᠶᠢᠭᠡᠮ ᠲᠣᠭᠤᠷᠢᠭ ᠵᠢᠴᠢ ᠰᠠᠶᠢᠬᠠᠨ ᠲᠣᠭᠤᠷᠢᠭ ᠤᠨ ᠵᠢᠨᠴᠢᠶᠣᠣ ᠦᠢᠯᠡᠰ ᠪᠣᠰᠬᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ᠂ ᠶᠢᠨ ᠾᠧ ᠪᠠᠯᠭᠠᠰᠤᠨ ᠤ ᠱᠦ ᠭᠤᠸᠠᠩ ᠲᠣᠰᠬᠤᠨ ᠳᠤ ᠭᠦᠨᠵᠡᠭᠡᠶᠢᠷᠡᠵᠦ᠂ ︽ᠭᠤᠷᠪᠠᠨ ᠡᠲᠡᠭᠡᠳ ᠬᠠᠮᠵᠢᠯᠴᠠᠬᠤ︾ ᠪᠢᠴᠢᠯ ᠵᠠᠰᠠᠯᠲᠠ ᠶᠢᠨ ᠵᠠᠭᠪᠤᠷ᠂ ᠨᠡᠶᠢᠭᠡᠮ ᠲᠣᠭᠤᠷᠢᠭ ᠤᠨ ᠺᠠᠳ᠋ᠷ ᠤᠨ ᠠᠵᠢᠯ ᠤᠨ ᠪᠠᠶᠢᠷᠢ ᠲᠣᠭᠲᠠᠭᠠᠨ ᠬᠠᠷᠢᠭᠤᠴᠠᠯᠭ᠎ᠠ ᠲᠣᠭᠲᠠᠭᠠᠬᠤ ᠬᠠᠮᠢᠶᠠᠷᠤᠯᠲᠠ᠂ ᠵᠥᠷᠢᠴᠡᠯ ᠵᠢᠭᠤᠷᠠᠯᠳᠤᠭᠠᠨ ᠢ ᠨᠢᠭᠡ ᠯᠡ ᠥᠷᠲᠡᠭᠡᠨ ᠤ ᠮᠠᠶ᠋ᠢᠭ ᠢᠶᠠᠷ ᠰᠢᠢᠳᠪᠦᠷᠢᠯᠡᠬᠦ᠂ ᠰᠢᠨ᠎ᠡ ᠪᠠᠷ ᠬᠥᠭᠵᠢᠭᠰᠡᠨ ᠬᠦᠷᠢᠶᠡᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠪᠤᠤ ᠭᠠᠩ ᠦᠨᠳᠦᠰᠦᠨ ᠱᠠᠲᠤᠨ ᠤ ᠺᠠᠳ᠋ᠷ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠵᠡᠷᠭᠡ ᠲᠥᠯᠥᠭᠡᠯᠡᠭᠴᠢᠳ ᠲᠠᠢ ᠶᠠᠷᠢᠯᠴᠠᠵᠤ ᠰᠣᠯᠢᠯᠴᠠᠭ᠎ᠠ ᠬᠢᠪᠡ᠃ ᠲᠡᠷᠡ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠷᠤᠨ ᠤ ᠲᠥᠪ ᠬᠤᠲᠠ ᠶᠢᠨ ᠨᠡᠶᠢᠭᠡᠮ ᠤᠨ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠪᠠᠶᠢᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠠᠵᠢᠯ ᠢ ᠰᠠᠶᠢᠲᠤᠷ ᠠᠳᠬᠤᠵᠤ᠂ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ︽ᠬᠤᠭᠤᠰᠣᠨ ᠲᠣᠰᠬᠤᠨ︾᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠰᠢᠨ᠎ᠡ ᠪᠠᠷ ᠬᠥᠭᠵᠢᠭᠰᠡᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠤᠰ ᠲᠦᠷᠦ ᠶᠢᠨ ᠵᠢᠯᠣᠭᠤᠳᠤᠮᠵᠢ ᠪᠣᠯᠤᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠤᠨ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠰᠢᠨ᠎ᠡ ᠪᠠᠷ ᠠᠵᠢᠯ ᠣᠯᠤᠭᠰᠠᠨ ᠬᠥᠮᠦᠰ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠤᠯᠠᠨ ᠲᠦᠮᠡᠨ ᠢ ᠨᠢᠭᠲᠠᠷᠠᠭᠤᠯᠤᠨ ᠦᠢᠯᠡᠴᠢᠯᠡᠬᠦ ᠠᠵᠢᠯ ᠢ ᠰᠠᠶᠢᠲᠤᠷ ᠠᠳᠬᠤᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠪᠠᠷ ᠣᠷᠣᠯᠠᠨ ᠭᠦᠢᠴᠡᠳᠬᠡᠬᠦ ᠶᠢ ᠪᠣᠳᠠᠲᠠᠢ ᠠᠳᠬᠤᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠢᠢᠳᠪᠦᠷᠢᠯᠡᠬᠦ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠪᠣᠳᠠᠲᠠᠶ ᠠᠵᠢᠯᠯᠠᠬᠤ ᠳᠡᠭᠡᠷ᠎ᠡ ᠬᠦᠴᠦ ᠲᠠᠯᠪᠢᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠠᠵᠢᠯ ᠢᠶᠠᠨ ᠣᠯᠠᠨ ᠲᠦᠮᠡᠨ ᠤ ᠰᠡᠳᠬᠢᠯ ᠳᠤ ᠦᠨᠡᠨ ᠬᠦ ᠬᠠᠳᠠᠩᠰᠢᠭᠤᠯᠬᠤ ᠬᠡᠷᠡᠭᠲᠡᠶ ᠭᠡᠵᠡᠢ᠃      ᠰᠦᠨ ᠬᠤᠤ ᠬᠤᠷᠠᠯ ᠢ ᠡᠷᠬᠢᠯᠡᠵᠦ᠂ ᠴᠢᠶᠣᠤ ᠢᠦᠢ ᡂᠢ᠂ ᠼᠤᠤ ᡁᠢ᠂ ᠨᠢᠦ ᠹᠠᠩ ᠽᠧ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ