ᠾᠧ ᠬᠠᠢ ᠳ᠋ᠦᠩ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/9
      ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠲᠤᠬᠠᠢ ᠶᠢᠨ ᠲᠠᠯᠠᠪᠤᠷ ᠲᠤ ᠵᠣᠬᠢᠴᠠᠭᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠡᡁᠧ ᠬᠠᠢ ᠳ᠋ᠦᠩ ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠨᠢᠰᠬᠡᠯ ᠤᠨ ᠪᠠᠭᠤᠳᠠᠯ︾ ᠤᠨ ᠲᠥᠯᠥᠪᠵᠢᠭᠦᠯᠭᠡ᠂ ᠡᠷᠬᠢᠨ ᠲᠣᠭᠤᠷᠢᠨ ᠤ ᠵᠠᠮ ᠵᠢᠴᠢ ᠨᠣᠭᠤᠭᠠᠷᠠᠭᠤᠯᠤᠯᠲᠠ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃ ᠾᠧ ᠬᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠪᠠᠯᠠ ᠮᠥᠩᠭᠦ᠂ ᠭᠠᠵᠠᠷ ᠬᠡᠷᠡᠭᠯᠡᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠪᠠᠷᠢᠯᠭ᠎ᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠲᠠᠯᠠᠪᠠᠶ ᠶᠢᠨ ᠭᠠᠳᠠᠨᠠᠬᠢ ᠵᠠᠮ ᠤᠨ ᠲᠣᠤᠷ  ᠵᠢᠴᠢ ᠢᠵᠢ ᠪᠥᠷᠢᠳᠦᠭᠦᠯᠬᠦ ᠪᠡᠯᠡᠳᠬᠡᠮᠵᠢ ᠶᠢ ᠱᠠᠯᠠᠪᠳᠠᠨ ᠲᠡᠭᠦᠯᠳᠡᠷᠵᠢᠭᠦᠯᠵᠦ᠂ ᠵᠠᠮ ᠤᠨ ᠡᠬᠢ ᠪᠠᠶᠠᠯᠢᠭ ᠢ ᠨᠡᠶᠢᠳᠭᠡᠬᠦ ᠶᠢ ᠴᠢᠩᠭᠠᠳᠬᠠᠨ᠂ ᠨᠢᠰᠬᠡᠯ ᠤᠨ ᠪᠠᠭᠤᠳᠠᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠤᠲᠠ ᠶᠢᠨ ᠵᠠᠮ ᠬᠠᠷᠢᠯᠴᠠᠭᠠᠨ ᠤ ᠰᠢᠰᠲ᠋ᠧᠮ ᠯᠦᠭᠡ ᠵᠣᠯᠭᠠᠭᠤᠯᠬᠤ ᠶᠢ ᠴᠢᠩᠭᠠᠳᠬᠠᠬᠤ ᠬᠡᠷᠡᠭᠲᠡᠶ᠃ ᠤᠯᠠᠨ ᠲᠠᠯ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶᠢᠯᠭ᠎ᠠ ᠭᠠᠷᠭᠠᠨ᠂ ᠲᠦᠷᠦᠯ ᠵᠦᠢᠯ ᠤᠨ ᠠᠬᠢᠴᠠ ᠶᠢ ᠬᠥᠳᠡᠯᠦᠩᠭᠦᠢ ᠪᠠᠷ ᠡᠵᠡᠮᠰᠢᠵᠦ᠂ ᠴᠠᠭ ᠤᠨ ᠵᠠᠩᠭᠢᠯᠠᠭ᠎ᠠ ᠶᠢᠨ ᠴᠡᠭ ᠢ ᠲᠣᠩᠭᠤᠷᠠᠭᠤᠯᠤᠨ ᠪᠠᠶᠢᠷᠢᠯᠠᠭᠤᠯᠵᠤ᠂ ᠡᠮᠦᠨᠡᠬᠢ ᠬᠤᠭᠤᠴᠠᠭᠠᠨ ᠤ ᠡᠵᠡᠩᠨᠡᠯᠲᠡ ᠶᠢᠨ ᠠᠵᠢᠯ ᠢ ᠨᠠᠷᠢᠯᠢᠭ ᠰᠠᠶᠢᠲᠤᠷ ᠬᠢᠵᠦ᠂ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠢᠰᠬᠡᠯ ᠤᠨ ᠪᠠᠭᠤᠳᠠᠯ ᠤᠨ ᠲᠣᠭᠲᠠᠭᠰᠠᠨ ᠬᠤᠭᠤᠴᠠᠭᠠᠨ ᠳᠤ ᠠᠶᠠᠯᠠᠯ ᠨᠡᠪᠲᠡᠷᠡᠬᠦ ᠶᠢ ᠠᠬᠢᠭᠤᠯᠬᠤ ᠬᠡᠷᠡᠭᠲᠡᠢ᠃ ᠶᠠᠰᠤ ᠴᠢᠨᠠᠷ ᠤᠨ ᠪᠣᠭᠤᠮᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠤᠲᠠᠲᠠᠢ ᠨᠠᠶᠢᠳᠠᠪᠤᠷᠢᠵᠢᠭᠤᠯᠵᠤ᠂ ᠨᠢᠭᠲᠠ ᠠᠴᠠ ᠨᠢᠭᠲᠠ ᠪᠠᠶᠢᠬᠤ ᠤᠢᠢᠯᠠᠭᠠᠭᠳᠠᠬᠤᠨ ᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠥᠬᠡᠬᠤᠲᠠ ᠶᠢᠨ ᠱᠧᠩ ᠯᠧ ᠤᠯᠠᠨ ᠤᠯᠤᠰ ᠤᠨ ᠨᠢᠰᠬᠡᠯ ᠤᠨ ᠪᠠᠭᠤᠳᠠᠯ ᠢ ᠦᠨᠡᠨᠬᠦ ᠰᠣᠳᠣᠨ ᠢᠨᠵᠧᠨᠧᠷᠢᠩ᠂ ᠰᠠᠨᠠᠭ᠎ᠠ ᠠᠮᠤᠷ ᠢᠨᠵᠧᠨᠧᠷᠢᠩ ᠪᠣᠯᠭᠠᠬᠤ ᠬᠡᠷᠡᠭᠲᠡᠢ ᠭᠡᠵᠡᠢ᠃      ᠲᠠᠯ᠎ᠠ ᠤᠷᠤᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ