ᠲᠦᠷᠦᠭᠦᠬᠡᠨ᠂ ᠰᠤᠷᠪᠤᠯᠵᠢᠯᠠᠬᠴᠢ ᠭᠦᠭᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠦᠭᠡᠬᠤᠲᠠ ︽ᠢᠨᠲ᠋ᠧᠷ | ᠰᠦᠯᠵᠢᠶ᠎ᠡ + ᠣᠷᠣᠰᠢᠭᠤᠯᠭ᠎ᠠ ᠶᠢᠨ ᠦᠢᠯᠡᠴᠢᠯᠡᠭᠡ︾ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠣᠷᠣᠰᠢᠭᠤᠯᠭ᠎ᠠ ᠶᠢᠨ | ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠤᠯᠠᠨ ᠲᠦᠮᠡᠨ ᠳᠤ ᠲᠥᠭᠦᠮ ᠦᠵᠡᠭᠦᠯᠵᠦ᠂ ᠤᠯᠡᠨ ᠲᠦᠮᠡᠨ ᠳᠤ ᠠᠰᠢᠭ | ᠬᠦᠷᠲᠡᠭᠡᠬᠦ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ ᠪᠠᠶᠢᠨ᠎ᠠ᠃ | ᠣᠷᠣᠰᠢᠭᠤᠯᠭ᠎ᠠ ᠶᠢᠨ ᠣᠶᠤᠨᠴᠢᠯᠠᠭᠰᠠᠨ ᠲᠠᠪᠴᠠᠩ ᠢ ᠠᠮᠵᠢᠯᠲᠠ ᠲᠠᠢ ᠪᠠᠶᠢᠭᠤᠯᠵᠤ᠂ 2024 ᠣᠨ ᠤ 7 ᠰᠠᠷ᠎ᠠ ᠠᠴᠠ ᠡᠬᠢᠯᠡᠨ ︽ᠭᠦᠭᠡᠬᠤᠲᠠ ᠶᠢᠨ | ᠣᠷᠣᠰᠢᠭᠤᠯᠭ᠎ᠠ︾ ᠶᠢᠨ ᠲᠠᠪᠴᠠᠩ ᠢ ᠨᠠᠪᠲᠠᠷᠡᠭᠦᠯᠵᠦ᠂ ᠲᠦᠷᠦ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ | ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠵᠡᠷᠭᠡ ᠤᠯᠠᠨ ᠵᠦᠢᠯ ᠤᠨ ᠲᠤᠬᠠᠶᠢᠯᠠᠭᠰᠠᠨ ᠠᠵᠢᠯ ᠢ ᠵᠣᠬᠢᠶᠠᠨ | ᠪᠠᠶᠢᠭᠤᠯᠵᠤ᠂ ᠨᠡᠶᠢᠳᠡ 5426 ᠭᠡᠷ ᠪᠦᠯᠢ ᠳᠤ ᠰᠦᠯᠵᠢᠶᠡᠨ ᠳᠡᠭᠡᠷᠡᠬᠢ ᠦᠢᠯᠡᠴᠢᠯᠡᠭᠡ ᠬᠠᠩᠭᠠᠵᠠᠢ᠃ | ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠢ ᠠᠬᠢᠭᠤᠯᠬᠤ ᠶᠢᠨ ᠲᠥᠯᠥᠭᠡ 2023 ᠣᠨ ᠠᠴᠠ ᠡᠬᠢᠯᠡᠨ ︽ᠭᠦᠭᠡᠬᠤᠲᠠ ᠶᠢᠨ ᠡᠭᠦᠯᠡᠨ ᠲᠠᠭᠢᠯᠭ᠎ᠠ︾ | ᠶᠢᠨ ᠲᠠᠪᠴᠠᠩ ᠢ ᠨᠡᠭᠡᠭᠡᠵᠡᠢ᠃ ᠲᠠᠪᠴᠠᠩ ᠨᠢ ᠣᠯᠠᠨ ᠲᠦᠮᠡᠨ ᠳᠤ ᠳᠥᠭᠦᠮ ᠳᠥᠲᠡ ᠦᠵᠡᠭᠦᠯᠭᠦ ᠶᠢᠨ ᠬᠠᠮᠲᠤ ᠠᠮᠢ ᠠᠬᠤᠢ ᠶᠢᠨ ᠪᠣᠬᠢᠷᠳᠤᠯ ᠦᠭᠡᠢ | ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠣᠷᠣᠰᠢᠭᠤᠯᠭ᠎ᠠ ᠶᠢᠨ ᠪᠦᠬᠦᠯᠢ ᠴᠣᠭᠴᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠪᠠ | ᠲᠦᠪᠰᠢᠨ ᠢ ᠳᠡᠭᠡᠭᠰᠢᠯᠡᠭᠦᠯᠪᠡ᠃ ᠡᠨᠡ ᠵᠢᠯ ᠠᠴᠠ ᠨᠠᠭᠠᠰᠢ ︽ᠰᠦᠯᠵᠢᠶᠡᠨ ᠳᠡᠭᠡᠷᠡᠬᠢ ᠡᠭᠦᠯᠡᠨ ᠲᠠᠭᠢᠯᠭ᠎ᠠ︾ ᠳᠤ ᠠᠶᠢᠯᠴᠢᠯᠠᠬᠰᠠᠨ ᠬᠥᠮᠥᠨ ᠤ ᠲᠤᠭ᠎ᠠ 11684 | ᠪᠠᠶᠢᠵᠤ᠂ ᠰᠦᠯᠵᠢᠶ᠎ᠡ ᠪᠠᠷ ᠳᠡᠮᠵᠢᠨ ᠨᠠᠰᠤ ᠨᠥᠭᠴᠢᠭᠰᠡᠳ ᠲᠡᠭᠡᠨ ᠴᠡᠴᠡᠭ ᠬᠦᠷᠭᠡᠬᠦ᠂ ᠬᠦᠵᠢ ᠪᠠᠷᠢᠬᠤ ᠲᠠᠭᠢᠯᠭ᠎ᠠ ᠶᠢᠨ ᠬᠡᠷᠡᠭᠴᠡᠭᠡ ᠶᠢ ᠬᠠᠩᠭᠠᠪᠠ᠃ | ᠣᠷᠣᠰᠢᠭᠤᠯᠭ᠎ᠠ ᠶᠢᠨ ᠶᠣᠰᠣᠯᠠᠯ ᠤᠨ ᠦᠢᠯᠡᠴᠢᠯᠡᠭᠡᠨ ᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢᠨ ᠲᠥᠯᠥᠭᠡ 2024 ᠣᠨ ᠤ 7 | ᠰᠠᠷ᠎ᠠ ᠳᠤ ︽96444︾ ᠣᠷᠣᠰᠢᠭᠤᠯᠭ᠎ᠠ ᠶᠢᠨ ᠦᠢᠯᠡᠴᠢᠯᠡᠭᠡᠨ ᠤ ᠲᠤᠰᠬᠠᠢ ᠤᠲᠠᠰᠤ ᠶᠢ ᠨᠠᠪᠲᠠᠷᠡᠭᠦᠯᠵᠦ᠂ ᠪᠦᠬᠦᠯᠢ ᠡᠳᠦᠷ ᠢᠶᠠᠷ ᠦᠢᠯᠡᠴᠢᠯᠡᠭᠡ ᠬᠠᠩᠭᠠᠵᠤ ᠪᠤᠢ᠃ | ᠣᠯᠠᠨ ᠲᠦᠮᠡᠨ ᠲᠤᠰᠬᠠᠢ ᠤᠲᠠᠰᠤ ᠶᠢ ᠤᠲᠠᠰᠤᠳᠠᠪᠠᠯ ᠲᠤᠬᠠᠶᠢᠯᠠᠭᠰᠠᠨ ᠠᠵᠢᠯ ᠤᠨ ᠭᠠᠷᠳᠠᠮ ᠢ ᠬᠢᠵᠦ᠂ ᠠᠰᠠᠭᠤᠨ ᠯᠠᠪᠯᠠᠭ᠎ᠠ᠂ ᠵᠠᠭᠠᠯᠳᠤᠯᠭ᠎ᠠ ᠬᠢᠵᠦ ᠢᠯᠡᠴᠢᠯᠡᠨ | ᠮᠡᠳᠡᠭᠦᠯᠬᠦ ᠵᠡᠷᠭᠡ ᠶᠢ ᠭᠦᠢᠴᠡᠳᠬᠡᠵᠦ ᠪᠣᠯᠣᠨ᠎ᠠ᠃ ︽96444︾ ᠣᠷᠣᠰᠢᠭᠤᠯᠭ᠎ᠠ ᠶᠢᠨ ᠦᠢᠯᠡᠴᠢᠯᠡᠭᠡᠨ ᠤ ᠲᠤᠰᠬᠠᠢ ᠱᠤᠭᠤᠮ ᠢ ᠪᠦᠭᠦ ᠲᠠᠯ᠎ᠠ ᠪᠠᠷ | ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ ᠨᠠᠶᠢᠳᠡ 5843 ᠬᠥᠮᠥᠨ ᠤᠳᠠᠭ᠎ᠠ ᠳᠤ ᠰᠦᠯᠵᠢᠶᠡᠨ ᠳᠡᠭᠡᠷᠡᠬᠢ ᠦᠢᠯᠡᠴᠢᠯᠡᠭᠡ ᠬᠠᠩᠭᠠᠵᠤ᠂ ᠣᠯᠠᠨ | ᠲᠦᠮᠡᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠬᠠᠨᠤᠮᠵᠢ ᠶᠢᠨ ᠨᠣᠷᠮ᠎ᠠ 95% ᠠᠴᠠ ᠳᠡᠭᠡᠭᠰᠢ ᠳᠤ ᠬᠦᠷᠴᠡᠢ᠃ | | |