ᠭᠦᠭᠡᠬᠤᠲᠠ ᠶᠢᠨ ᠬᠤᠤ ᠯᠧ ᠰᠤᠷᠭᠠᠭᠤᠯᠢ ︽ᠨᠣᠪᠧᠯ ᠤᠨ ᠱᠠᠩᠨᠠᠯ ᠤᠨ ᠲᠥᠯᠥᠪᠯᠡᠭᠡ︾ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/4/9
      ᠲᠦᠷᠦᠭᠦᠬᠡᠨ᠂ ᠭᠦᠭᠡᠬᠤᠲᠠ ᠶᠢᠨ ᠬᠤᠤ ᠯᠧ ᠰᠤᠷᠭᠠᠭᠤᠯᠢ ︽ᠨᠣᠪᠧᠯ ᠤᠨ ᠱᠠᠩᠨᠠᠯ ᠬᠦᠷᠲᠡᠭᠰᠡᠳ ᠤᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠠᠰᠤᠭ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠬᠥᠮᠥᠵᠢᠭᠦᠯᠬᠦ ᠲᠥᠯᠥᠪᠯᠡᠭᠡ︾ ︵︽ᠨᠣᠪᠧᠯ ᠤᠨ ᠱᠠᠩᠨᠠᠯ ᠤᠨ ᠲᠥᠯᠥᠪᠯᠡᠭᠡ︾ ᠭᠡᠵᠦ ᠳᠥᠭᠦᠮᠴᠢᠯᠡᠨ᠎ᠡ︶ ᠶᠢ ᠡᠬᠢᠯᠡᠭᠦᠯᠬᠦ ᠶᠣᠰᠣᠯᠠᠯ ᠶᠠᠪᠤᠭᠳᠠᠭᠤᠯᠪᠠ᠃ ᠡᠨᠡ ᠨᠢ ᠲᠤᠰ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ ᠶᠢ ᠵᠢᠩᠬᠢᠨᠢ ᠪᠠᠷ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠴᠢᠩᠬᠤᠸᠠ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳ᠋ᠣᠺᠲ᠋ᠣᠷ᠂ ᠪᠡᠭᠡᠵᠢᠩ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠰᠤᠷᠤᠯᠴᠠᠯᠭ᠎ᠠ ᠶᠢᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠠᠰᠤᠭ ᠤᠨ ᠭᠤᠣᠯᠯᠠᠭᠴᠢ ᠪᠦᠷᠢᠯᠳᠦᠭᠦᠨ ᠰᠢᠶᠣᠣ ᠬᠠᠢ ᠮᠢᠩ ᠤᠷᠢᠯᠭ᠎ᠠ ᠪᠠᠷ ᠤᠷᠤᠯᠴᠠᠵᠤ᠂ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠪᠦᠭᠦ ᠰᠤᠷᠭᠠᠭᠤᠯᠢ ᠶᠢᠨ ᠪᠠᠭᠰᠢ ᠰᠤᠷᠤᠬᠴᠢᠳ ᠲᠤ ᠵᠣᠬᠢᠶᠠᠮᠠᠯ ᠤᠶᠤᠨ ᠴᠢᠳᠠᠪᠤᠷᠢ ᠶᠢᠨ ᠴᠠᠭ ᠦᠶ᠎ᠡ ᠶᠢᠨ ᠰᠤᠷᠭᠠᠨ ᠬᠥᠮᠦᠵᠢᠯ ᠤᠨ ᠵᠢᠷᠤᠭ ᠲᠥᠯᠥᠪᠯᠡᠭᠡ ᠶᠢ ᠵᠢᠷᠤᠭᠯᠠᠵᠤ ᠥᠭᠴᠡᠢ᠃      ᠮᠠᠨ ᠤ ᠣᠷᠣᠨ ᠤ ᠠᠩᠬᠠᠳᠠᠭᠴᠢ ᠪᠦᠯᠦᠭ ᠤᠨ ᠲᠣᠰ ᠲᠥᠯᠥᠪᠯᠡᠭᠡ ᠳᠤ ᠰᠣᠩᠭᠤᠭᠳᠠᠭᠰᠠᠨ ᠵᠢᠱᠢᠶ᠎ᠡ ᠦᠵᠡᠭᠦᠯᠭᠦ ᠰᠤᠷᠭᠠᠭᠤᠯᠢ ᠪᠣᠯᠤᠭᠰᠠᠨ ᠤ ᠬᠤᠪᠢ ᠳᠤ ᠬᠤᠤ ᠯᠧ ᠰᠤᠷᠭᠠᠭᠤᠯᠢ ᠨᠢ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ ᠰᠢᠨ᠎ᠡ ᠶᠢ ᠡᠭᠦᠳᠬᠦ ᠰᠦᠪᠡᠭᠴᠢᠯᠡᠯᠲᠡ ᠪᠠᠷ ᠰᠤᠷᠭᠠᠨ ᠬᠥᠮᠦᠵᠢᠯ ᠤᠨ ᠶᠠᠮᠤᠨ ᠤ ᠳᠤᠮᠳᠠᠳᠤ ᠭᠠᠳᠠᠭᠠᠳᠤ ᠶᠢᠨ ᠬᠥᠮᠥᠨ ᠨᠡᠶᠢᠭᠡᠮ ᠤᠨ ᠰᠣᠯᠢᠯᠴᠠᠭᠠᠨ ᠤ ᠲᠥᠪ ᠵᠡᠷᠭᠡ ᠡᠷᠬᠡ ᠰᠦᠷᠲᠦ ᠪᠠᠶᠢᠭᠤᠯᠤᠮᠵᠢ ᠳᠤ ᠳᠡᠭᠡᠳᠦ ᠬᠡᠮᠵᠢᠶ᠎ᠡ ᠪᠠᠷ ᠮᠡᠳᠡᠷᠡᠭᠳᠡᠭᠰᠡᠨ ᠪᠠᠶᠢᠨ᠎ᠠ᠃      ᠲᠥᠯᠦᠪᠵᠢᠭᠦᠯᠭᠡ ᠶᠢ ᠦᠨᠳᠦᠰᠦᠯᠡᠪᠡᠯ᠂ ᠰᠤᠷᠭᠠᠭᠤᠯᠢ ᠨᠢ ᠭᠤᠷᠪᠠᠨ ᠶᠡᠭᠡ ᠣᠨᠴᠠᠯᠢᠭᠲᠤ ᠬᠢᠴᠢᠶᠡᠯ ᠤᠨ ᠰᠢᠰᠲ᠋ᠧᠮ ᠢ ᠭᠤᠣᠯᠳᠠᠯᠭ᠎ᠠ ᠲᠠᠢ ᠪᠠᠶᠢᠭᠤᠯᠤᠨ᠎ᠠ᠄ 1- 9 ᠣᠨ ᠤ ᠵᠣᠬᠢᠶᠠᠮᠠᠯ ᠤᠶᠤᠨ ᠴᠢᠳᠠᠪᠤᠷᠢ ᠶᠢᠨ ᠭᠤᠣᠯᠯᠠᠬᠤ ᠬᠡᠪ ᠪᠣᠯᠪᠠᠰᠤᠷᠠᠯ ᠤᠨ ᠬᠢᠴᠢᠶᠡᠯ ᠢ ᠬᠠᠮᠤᠷᠴᠤ᠂ AIGC ᠠᠴᠠ ᠬᠥᠮᠥᠨ ᠮᠠᠰᠢᠨ ᠤ ᠬᠠᠷᠢᠯᠴᠠᠭ᠎ᠠ ᠬᠦᠷᠲᠡᠯᠡᠬᠢ ᠪᠦᠷᠢᠨ ᠪᠦᠲᠦᠨ ᠮᠡᠳᠡᠯᠭᠡ ᠶᠢᠨ ᠬᠡᠯᠬᠢᠶ᠎ᠡ ᠶᠢ ᠪᠠᠶᠢᠭᠤᠯᠤᠨ᠎ᠠ; ᠲᠠᠷᠢᠬᠢᠨ ᠤ ᠰᠢᠨᠵᠢᠯᠡᠬᠦ ᠤᠬᠠᠭᠠᠨ ᠤ ᠦᠨᠳᠦᠰᠦᠯᠡᠯ ᠳᠤ ᠰᠠᠭᠤᠷᠢᠯᠠᠭᠰᠠᠨ ᠰᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠭᠦ ᠬᠢᠴᠢᠶᠡᠯ᠂ ᠲᠣᠮᠣ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠬᠦ ᠪᠣᠯᠪᠠᠰᠤᠷᠠᠯ ᠤᠨ ᠲᠥᠰᠥᠯ ᠢ ᠨᠡᠭᠡᠭᠡᠨ ᠭᠦᠭᠵᠢᠭᠦᠯᠦᠨ᠎ᠡ; ᠳᠤᠮᠳᠠᠳᠤ ᠡᠸᠦ᠋ᠷᠦᠫᠡ ᠶᠢᠨ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠢ ᠠᠭᠤᠰᠤᠯᠴᠠᠭᠤᠯᠤᠭᠰᠠᠨ ᠦᠭᠡ ᠬᠡᠯᠡᠨ ᠤ ᠬᠡᠪ ᠪᠣᠯᠪᠠᠰᠤᠷᠠᠯ ᠤᠨ ᠬᠢᠴᠢᠶᠡᠯ ᠢ ᠨᠡᠭᠡᠭᠡᠵᠦ᠂ ᠲᠣᠰ ᠭᠠᠵᠠᠷ ᠣᠷᠣᠨ ᠤ ᠪᠠᠶᠢᠳᠠᠯ ᠪᠠ ᠣᠯᠠᠨ ᠤᠯᠤᠰ ᠤᠨ ᠬᠠᠷᠠᠭ᠎ᠠ ᠲᠠᠢ ᠬᠠᠮ ᠭᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠦᠨ᠎ᠡ᠃ ᠡᠲᠡᠭᠡᠷ ᠬᠢᠴᠢᠶᠡᠯ ᠨᠢ ︽ᠬᠤᠣᠰ ᠮᠡᠷᠭᠡᠵᠢᠯ ᠤᠨ ᠬᠢᠷᠢ ᠭᠡᠮ ᠲᠠᠢ ᠪᠠᠭᠰᠢ ᠶᠢᠨ ᠬᠢᠴᠢᠶᠡᠯ ᠤᠨ ᠲᠠᠩᠬᠢᠮ + ᠲᠥᠷᠥᠯ ᠵᠦᠢᠯ ᠤᠨ ᠰᠤᠳᠤᠯᠤᠨ ᠰᠤᠷᠤᠯᠴᠠᠬᠤ︾ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠯᠡᠵᠦ᠂ ᠨᠣᠪᠧᠯ ᠤᠨ ᠱᠠᠩᠨᠠᠯ ᠬᠦᠷᠲᠡᠭᠰᠡᠳ ᠤᠨ ᠲᠤᠷᠰᠢᠯᠲᠠ ᠶᠢᠨ ᠲᠠᠰᠤᠭ ᠤᠨ ᠲᠤᠰᠬᠠᠢ ᠮᠡᠷᠭᠡᠵᠢᠯᠲᠡᠨ ᠪᠣᠯᠣᠨ ᠲᠣᠰ ᠰᠤᠷᠭᠠᠭᠤᠯᠢ ᠶᠢᠨ ᠪᠠᠭᠰᠢ ᠨᠠᠷ ᠬᠠᠮᠵᠢᠯᠴᠠᠨ ᠬᠢᠴᠢᠶᠡᠯᠯᠡᠨ᠎ᠡ᠃ ᠲᠣᠰ ᠲᠥᠯᠥᠪᠯᠡᠭᠡ ᠳᠤ ᠪᠠᠰᠠ ︽ᠨᠠᠷᠠᠲᠤ ᠰᠤᠷᠭᠠᠭᠤᠯᠢ ᠨᠠᠷᠠᠲᠤ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠵᠦ ᠬᠥᠮᠥᠵᠢᠭᠦᠯᠬᠦ ᠲᠣᠭᠲᠠᠴᠠ︾ ᠶᠢ ᠰᠢᠨ᠎ᠡ ᠪᠠᠷ ᠡᠭᠦᠳᠴᠦ ᠲᠥᠯᠥᠪᠯᠡᠭᠰᠡᠨ ᠪᠠᠶᠢᠨ᠎ᠠ᠃ ᠵᠢᠯ ᠪᠦᠷᠢ ᠶᠢᠨ ᠡᠪᠦᠯ ᠵᠤᠨ ᠤ ᠠᠮᠠᠷᠠᠯᠲᠠ ᠳᠤ ᠪᠠᠭᠰᠢ ᠰᠤᠷᠤᠬᠴᠢᠳ ᠨᠠᠷᠠᠲᠤ ᠰᠤᠷᠭᠠᠭᠤᠯᠢ᠂ ᠨᠠᠷᠠᠲᠤ ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ ᠲᠤ ᠣᠴᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠤᠨ ᠵᠢᠯᠣᠭᠤᠳᠤᠯᠭ᠎ᠠ ᠳᠣᠣᠷ᠎ᠠ PBL ᠲᠥᠷᠥᠯ ᠵᠦᠢᠯ ᠤᠨ ᠰᠤᠳᠤᠯᠭᠠᠨ ᠢ ᠥᠷᠨᠢᠭᠦᠯᠦᠨ᠎ᠡ᠃      ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠠᠯ᠎ᠠ ᠪᠠᠷ᠂ ︽ᠨᠣᠪᠧᠯ ᠤᠨ ᠱᠠᠩᠨᠠᠯ ᠤᠨ ᠲᠥᠯᠥᠪᠯᠡᠭᠡ︾ ᠨᠢ ᠤᠷᠤᠯᠳᠤᠭᠠᠨ ᠢᠶᠠᠷ ᠬᠥᠮᠥᠵᠢᠭᠦᠯᠬᠦ᠂ ᠡᠷᠳᠡᠮ ᠰᠢᠨᠵᠢᠯᠡᠭᠡᠨ ᠤ ᠬᠡᠪᠯᠡᠯ᠂ ᠣᠯᠠᠨ ᠤᠯᠤᠰ ᠤᠨ ᠰᠣᠯᠢᠯᠴᠠᠭ᠎ᠠ ᠭᠤᠷᠪᠠ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠵᠠᠮ ᠢ ᠨᠡᠭᠡᠭᠡᠬᠦ ᠪᠣᠯᠣᠨ᠎ᠠ᠃ ᠰᠤᠷᠤᠬᠴᠢᠳ ᠰᠤᠷᠭᠠᠨ ᠬᠥᠮᠦᠵᠢᠯ ᠤᠨ ᠶᠠᠮᠤᠨ ᠳᠤ ᠪᠦᠷᠢᠳᠬᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠯᠳᠤᠭᠠᠨ ᠳᠤ ᠣᠷᠣᠯᠴᠠᠵᠤ ᠪᠤᠯᠬᠤ ᠪᠠᠷ ᠪᠠᠷᠠᠬᠤ ᠦᠭᠡᠢ ᠰᠢᠯᠢᠳᠡᠭ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠳᠤ ᠲᠤᠰᠬᠠᠢ ᠮᠡᠷᠭᠡᠵᠢᠯ ᠤᠨ ᠬᠡᠪᠯᠡᠯ ᠤᠨ ᠲᠣᠭᠢᠶᠠᠯ ᠣᠯᠭᠤᠵᠤ᠂ ᠭᠠᠳᠠᠭᠠᠳᠤ ᠶᠢᠨ ᠨᠠᠷᠠᠲᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠬᠦᠷᠴᠦ ᠰᠣᠯᠢᠯᠴᠠᠨ ᠰᠤᠷᠤᠯᠴᠠᠬᠤ ᠵᠠᠪᠰᠢᠶᠠᠨ ᠣᠯᠭᠤᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ