| | | | | 4 ᠳ᠋ᠦ᠋ᠭᠡᠷ ᠰᠠᠷ᠎ᠠ ᠶᠢᠨ 8 ᠤ ᠡᠳᠦᠷ᠂ ᠪᠥᠬᠦ ᠤᠯᠤᠰ ᠤᠨ ᠠᠩᠬᠠᠳᠠᠭᠴᠢ ︽BX70B ᠬᠡᠯᠪᠡᠷᠢ ︵ᠴᠢᠩᠭᠡᠯᠢᠭ ᠤᠨ | ᠲᠤᠰᠬᠠᠶ ᠬᠡᠷᠡᠭᠯᠡᠭᠡᠨ ᠤ ᠲᠡᠷᠭᠡ︶︾ ᠲᠤᠭᠲᠠᠮᠠᠯ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠬᠥᠬᠡᠬᠤᠲᠠ ᠠᠴᠠ | ᠠᠮᠵᠢᠯᠲᠠ ᠲᠠᠢ ᠠᠶᠠᠯᠠᠯ ᠡᠬᠢᠯᠡᠪᠡ᠃ ᠲᠤᠰ ᠵᠢᠰᠢᠶᠠᠨ ᠤ ᠭᠠᠯᠲᠤ ᠲᠡᠷᠭᠡ ᠨᠢ ᠬᠠᠢ ᠰᠢᠨ ᠲᠦᠷᠦᠯ ᠲᠡᠮᠳᠡᠭ ᠤᠨ ᠬᠦᠯᠳᠡᠭᠡᠭᠦᠷ᠂ | ᠲᠧᠯᠸᠢᠰ᠂ ᠬᠤᠪᠴᠠᠰᠤ ᠤᠬᠢᠶᠠᠬᠤ ᠮᠠᠰᠢᠨ ᠵᠡᠷᠭᠡ ᠪᠠᠷᠠᠭ᠎ᠠ ᠶᠢ ᠳᠦᠭᠦᠷᠲᠡᠯ᠎ᠡ ᠲᠡᠭᠡᠭᠡᠵᠦ᠂ ᠬᠥᠬᠡᠬᠤᠲᠠ ᠶᠢᠨ ᠡᠯᠡᠰᠦᠨ | ᠨᠢᠷᠤᠭᠤ ᠤᠯᠠᠨ ᠤᠯᠤᠰ ᠤᠨ ᠬᠠᠭᠤᠷᠠᠢ ᠭᠠᠷᠠᠮ ᠠᠴᠠ ᠬᠦᠳᠡᠯᠵᠦ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠬᠢᠯᠢ ᠠᠴᠠ | ᠭᠠᠷᠴᠤ᠂ ᠣᠷᠣᠰ ᠤᠨ ᠮᠣᠰᠺᠸᠠ ᠳᠤ ᠬᠦᠷᠴᠦ᠂ ᠪᠦᠬᠦ ᠠᠶᠠᠯᠠᠯ ᠤᠨ ᠵᠠᠮ ᠨᠢ 7500 ᠭᠠᠷᠤᠢ ᠺᠢᠯᠤᠮᠧᠲᠷ ᠪᠣᠯᠤᠨ᠎ᠠ᠃ | ᠲᠣᠰ ᠤᠳᠠᠭᠠᠨ ᠤ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠨᠢ ᠬᠢᠯᠢ ᠠᠯᠤᠰᠯᠠᠭᠰᠠᠨ ᠵᠢᠰᠢᠶᠠᠨ ᠤ ᠭᠠᠯᠲᠤ ᠲᠡᠷᠭᠡᠨ ᠤ | ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠨ᠎ᠡ ᠶᠢ ᠡᠭᠦᠳᠦᠨ ᠠᠬᠢᠭᠤᠯᠵᠤ᠂ ᠣᠷᠣᠨ ᠤ ᠲᠥᠪ | ᠬᠤᠲᠠ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ | ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠬᠤ ᠳᠤ ᠬᠦᠴᠦᠨ ᠨᠡᠮᠡᠷᠢᠯᠡᠬᠦ | ᠪᠣᠯᠤᠨ᠎ᠠ᠃ | |