3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 48315.93 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2025/4/9
      ︵ᠰᠤᠷᠪᠤᠯᠵᠢᠯᠠᠭᠴᠢ ᠰᠦᠩ ᠰᠢᠶᠠᠩ ᠬᠤᠸᠠ︶ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 48315.93 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ᠃ ᠡᠭᠦᠨ ᠳᠤ᠂ ᠲᠠᠷᠢᠶᠠᠴᠢᠳ ᠤᠨ ᠨᠥᠬᠦᠪᠥᠷᠢ ᠪᠡᠯᠡ ᠮᠥᠩᠭᠦ 43332.95 ᠲᠦᠮᠡᠨ ᠲᠥᠭᠦᠷᠢᠭ ᠪᠠᠶᠢᠵᠤ᠂ 89.69% ᠶᠢ ᠡᠵᠡᠯᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠡᠯᠡ ᠮᠥᠩᠭᠦ 4982.98 ᠲᠦᠮᠡᠨ ᠲᠥᠭᠦᠷᠢᠭ ᠪᠠᠶᠢᠵᠤ᠂ 10.31% ᠶᠢ ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 101.67 ᠲᠦᠮᠡᠨ ᠬᠥᠮᠦᠨ ᠤᠳᠠᠭ᠎ᠠ ᠲᠠᠷᠬᠠᠭᠠᠪᠠ᠃ ᠡᠭᠦᠨ ᠳᠤ᠂ ᠬᠥᠳᠡᠭᠡ ᠲᠣᠰᠬᠤᠨ ᠤ ᠨᠥᠬᠦᠪᠥᠷᠢ ᠤᠯᠬᠤ ᠡᠲᠡᠭᠡᠳ 97.47 ᠲᠦᠮᠡᠨ ᠬᠥᠮᠦᠨ ᠤᠳᠠᠭ᠎ᠠ ᠳᠤ ᠬᠦᠷᠴᠦ᠂ 95.87% ᠶᠢ ᠡᠵᠡᠯᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠤᠯᠬᠤ ᠡᠲᠡᠭᠡᠳ 4.2 ᠲᠦᠮᠡᠨ ᠬᠥᠮᠦᠨ ᠤᠳᠠᠭ᠎ᠠ ᠳᠤ ᠬᠦᠷᠴᠦ᠂ 4.13% ᠶᠢ ᠡᠵᠡᠯᠡᠪᠡ᠃     ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠪᠠᠷ ᠢᠶᠠᠨ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠲᠠᠷᠬᠠᠭᠠᠭᠰᠠᠨ ᠪᠡᠯᠡ ᠮᠦᠩᠭᠦ ᠶᠢᠨ ᠲᠦᠷᠦᠯ ᠵᠦᠢᠯ ᠨᠡᠶᠢᠲᠡ 7 ᠬᠦᠷᠢᠶᠡᠨ ᠤ 36 ᠲᠥᠷᠥᠯ ᠤᠨ 42 ᠵᠦᠢᠯ ᠢ ᠬᠠᠮᠤᠷᠴᠠᠢ᠃ ᠲᠠᠷᠬᠠᠭᠠᠭᠰᠠᠨ ᠨᠥᠬᠦᠪᠥᠷᠢ ᠶᠢᠨ ᠪᠡᠯᠡ ᠮᠥᠩᠭᠦ ᠶᠢᠨ ᠳᠣᠲᠣᠷ᠎ᠠ᠂ ᠵᠣᠭᠤᠰ ᠤᠨ ᠲᠤᠭ᠎ᠠ ᠨᠢ ᠨᠡᠯᠢᠶᠡᠳ ᠶᠡᠭᠡ ᠨᠢ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠴᠠᠯᠢᠩ ᠤᠨ ᠨᠥᠬᠦᠪᠥᠷᠢ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠲᠥᠷᠥᠯ᠂ ᠪᠦᠲᠦᠭᠡᠨ ᠪᠠᠶᠢᠭᠤᠯᠤᠯᠲᠠ ᠶᠢᠨ ᠲᠥᠷᠥᠯ᠂ ᠲᠠᠷᠢᠶᠠᠯᠠᠩ ᠤᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠥᠷᠥᠯ ᠤᠨ ᠲᠠᠪᠤᠨ ᠶᠡᠭᠡ ᠨᠥᠬᠦᠪᠥᠷᠢ ᠶᠢᠨ ᠪᠡᠯᠡ ᠮᠥᠩᠭᠦ ᠪᠠᠭᠲᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ