ᠬᠤᠲᠠ ᠶᠢᠨ ᠵᠠᠰᠠᠭ ᠤᠨ ᠣᠷᠳᠣᠨ ᠤ 2025 ᠣᠨ ᠤ 4 ᠳ᠋ᠤᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 4 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/12
ᠾᠧ ᠬᠠᠢ ᠳ᠋ᠦᠩ ᠬᠤᠷᠠᠯ ᠢ ᠡᠷᠬᠢᠯᠡᠵᠡᠢ      ︵ᠰᠤᠷᠪᠤᠯᠵᠢᠯᠠᠭᠴᠢ ᠯᠢᠶᠠᠩ ᠵᠢᠩ ᠱᠥ︶ 5 ᠳ᠋ᠤᠭᠠᠷ ᠰᠠᠷ᠎ᠠ ᠶᠢᠨ 9 ᠤ ᠡᠳᠦᠷ᠂ ᠬᠤᠲᠠ ᠶᠢᠨ ᠵᠠᠰᠠᠭ ᠤᠨ ᠣᠷᠳᠣᠨ 2025 ᠣᠨ ᠤ 4 ᠳ᠋ᠤᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 4 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠪᠠ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠰᠤᠳᠤᠯᠤᠨ ᠶᠠᠷᠢᠯᠴᠠᠪᠠ᠃      ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠭᠢᠯᠡᠪᠡ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠤᠷᠲᠠᠯ︾ ᠤᠨ ᠨᠡᠶᠢᠲᠡᠯᠢᠭ ᠠᠰᠠᠭᠤᠳᠠᠯ ᠤᠨ ᠲᠤᠬᠠᠶ ᠵᠠᠷᠯᠠᠯ᠂ ᠤᠯᠤᠰ ᠲᠥᠷᠥ ᠶᠢᠨ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠠᠷᠭ᠎ᠠ᠂ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤᠯᠤᠰ ᠲᠥᠷᠥ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠡᠯ᠎ᠡ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠵᠢᠷᠤᠮᠯᠠᠨ ᠲᠦᠷᠢᠮ ᠲᠣᠭᠲᠠᠭᠠᠯ ᠢ ᠵᠢᠷᠤᠮᠯᠠᠭᠰᠠᠨ ᠤᠷᠢᠲᠠᠯ ᠳᠣᠤᠷ᠎ᠠ ᠠᠵᠢᠯ ᠢᠶᠠᠨ ᠯᠠᠪᠳᠠᠭᠤᠨ ᠪᠠᠲᠤᠲᠠᠶ ᠬᠢᠵᠦ᠂ ᠬᠡᠷ ᠤᠨ ᠬᠥᠮᠦᠰ ᠪᠠ ᠳᠡᠷᠭᠡᠳᠡᠬᠢ ᠠᠵᠢᠯᠲᠠᠨ ᠢᠶᠠᠨ ᠰᠠᠶᠢᠲᠤᠷ ᠬᠠᠮᠢᠶᠠᠷᠴᠤ᠂ ᠤᠯᠠᠭᠠᠨ ᠱᠤᠭᠤᠮ ᠳᠤ ᠬᠠᠯᠳᠠᠬᠤ ᠥᠬᠡᠶ᠂ ᠬᠤᠷᠢᠭ᠎ᠠ ᠱᠤᠭᠤᠮ ᠢ ᠰᠠᠬᠢᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠥᠷᠥ ᠶᠢᠨ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠢ ᠬᠦᠯᠢᠶᠡᠬᠦ ᠲᠠᠢ ᠨᠢᠭᠲᠠ ᠤᠶᠠᠯᠳᠤᠭᠤᠯᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠠ ᠰᠤᠷᠤᠯᠴᠠᠯᠭ᠎ᠠ ᠬᠥᠮᠦᠵᠢᠯ ᠤᠨ ᠪᠠᠶᠢᠴᠠᠭᠠᠨ ᠳᠡᠯᠭᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠤᠳᠠ ᠶᠢᠨ ᠨᠠᠮ ᠤᠨ ᠬᠤᠷᠢᠶᠠᠨ ᠤ ︽ᠲᠥᠪ ᠤᠨ ᠨᠠᠢᠮᠠᠨ ᠲᠣᠭᠲᠠᠭᠠᠯ ᠢ ᠭᠦᠨᠵᠡᠭᠡᠢ ᠲᠤᠭᠤᠰᠢᠯᠠᠭᠤᠯᠵᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠳᠠᠯᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠰᠤᠷᠤᠯᠴᠠᠯᠭ᠎ᠠ ᠬᠥᠮᠦᠵᠢᠯ ᠢ ᠰᠠᠶᠢᠲᠤᠷ ᠵᠢᠯᠣᠭᠤᠳᠴᠤ᠂ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠵᠡᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ