ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/12
ᠾᠧ ᠬᠠᠢ ᠳ᠋ᠦᠩ ᠬᠤᠷᠠᠯ ᠢ ᠡᠷᠬᠢᠯᠡᠵᠡᠢ      ︵ᠰᠤᠷᠪᠤᠯᠵᠢᠯᠠᠭᠴᠢ ᠯᠢᠶᠠᠩ ᠵᠢᠩ ᠱᠦ︶ 5 ᠳ᠋ᠤᠭᠠᠷ ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ︽ᠦᠵᠡᠰᠭᠦᠯᠡᠩᠲᠦ ᠰᠠᠶᠢᠬᠠᠨ ᠤᠷᠤᠨ ᠤ ᠲᠥᠪ ᠬᠤᠲᠠ ᠶᠢᠨ ᠪᠦᠲᠦᠭᠡᠨ ᠪᠠᠢᠭᠤᠯᠤᠯᠲᠠ ᠶᠢᠨ ᠲᠦᠯᠦᠪᠵᠢᠭᠦᠯᠭᠡ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃        ᠬᠤᠷᠠᠯ ᠠᠴᠠ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ︽ᠬᠡᠷᠡᠭᠵᠢᠭᠦᠯᠬᠦ ᠲᠥᠰᠥᠯ︾ ᠢ ᠴᠢᠨᠠᠭᠰᠢᠳᠠ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠬᠤ ᠲᠣᠭᠲᠠᠴᠠ ᠶᠢᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ᠂ ᠪᠡᠯᠡ ᠮᠥᠩᠭᠦ ᠪᠠᠷ ᠬᠤᠳᠠᠯᠳᠤᠭᠠᠴᠢᠨ ᠤᠷᠢᠬᠤ᠂ ᠠᠬᠤᠢ ᠪᠠᠶᠢᠳᠠᠯ ᠢᠶᠠᠷ ᠬᠤᠳᠠᠯᠳᠤᠭᠠᠴᠢᠨ ᠤᠷᠢᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ᠂ ᠡᠯᠧᠮᠧᠨ᠋ᠲ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢ ᠲᠤᠰᠬᠠᠢ ᠤᠷᠢᠬᠤ ᠶᠢ ᠠᠬᠢᠭᠤᠯᠵᠤ᠂ ᠪᠦᠬᠦ ᠬᠡᠯᠬᠢᠶ᠎ᠡ᠂ ᠤᠯᠠᠨ ᠲᠠᠯᠠᠲᠤ᠂ ᠥᠨᠳᠥᠷ ᠴᠢᠳᠠᠪᠬᠢᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠪᠠᠶᠢᠷᠢᠰᠢᠯ ᠢ ᠪᠠᠶᠢᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠣᠷᠣᠨ ᠤ ᠲᠥᠪ ᠬᠤᠲᠠ ᠶᠢᠨ ᠳᠠᠪᠠᠭᠤᠯᠢᠭ ᠪᠣᠯᠣᠨ ᠣᠨᠴᠠᠯᠢᠭ ᠲᠤ ᠰᠠᠭᠤᠷᠢᠯᠠᠵᠤ᠂ ︽ᠦᠵᠡᠰᠬᠦᠯᠡᠩᠲᠦ ᠰᠠᠶᠢᠬᠠᠨ ᠤᠷᠤᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠴᠢᠨᠠᠭᠰᠢᠳᠠ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠴᠢᠩᠭᠠᠳᠬᠠᠵᠤ᠂ ︽ᠬᠠᠮᠤᠭ ᠰᠠᠶᠢᠬᠠᠨ ᠭᠠᠵᠠᠷ︾ ᠤᠨ ᠪᠦᠬᠦ ᠬᠦᠷᠢᠶ᠎ᠡ ᠴᠠᠷᠠᠭ᠎ᠠ ᠪᠠᠷ ᠦᠵᠡᠰᠬᠦᠯᠡᠩᠲᠦ ᠰᠠᠶᠢᠬᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ