ᠲᠦᠷᠦᠭᠦᠬᠡᠨ᠂ ᠭᠦᠭᠡᠬᠤᠲᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠬᠢᠨ ᠨᠢᠭᠡ ᠯᠡ ᠤᠳᠠᠭ᠎ᠠ ᠳᠤ ᠭᠦᠢᠴᠡᠳᠬᠡᠬᠦ ᠠᠵᠢᠯ ᠤᠨ ᠬᠠᠭᠤᠳᠠᠰᠤ ᠶᠢ | ᠣᠶᠤᠨᠴᠢ ᠪᠠᠷ ᠵᠠᠳᠠᠯᠬᠤ ᠰᠣᠹᠲ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ᠂ ᠲᠣᠭᠠᠴᠢᠯᠠᠯᠲᠠ ᠪᠠᠷ ᠬᠡᠷᠡᠭᠯᠡᠭᠴᠢ ᠳᠤ ᠦᠢᠯᠡᠴᠢᠯᠡᠬᠦ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ1 ᠰᠠᠷ᠎ᠠ ᠠᠴᠠ ᠡᠬᠢᠯᠡᠨ᠂ ᠭᠦᠭᠡᠬᠤᠲᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠬᠡᠷᠡᠭᠯᠡᠭᠴᠢᠳ ᠤᠨ | ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠥᠪ ᠤᠨ ᠬᠢᠨ ᠪᠡᠶ᠎ᠡ ᠪᠠᠨ ᠳᠠᠭᠠᠭᠠᠵᠤ ᠣᠯᠠᠨ ᠵᠦᠢᠯ ᠤᠨ ᠣᠶᠤᠨᠲᠤ ᠮᠠᠰᠢᠨ | ᠬᠥᠮᠥᠨ ᠢ ᠰᠤᠳᠤᠯᠤᠨ ᠨᠡᠭᠡᠭᠡᠵᠦ ᠬᠡᠷᠡᠭᠯᠡᠭᠴᠢ ᠳᠤ ᠦᠢᠯᠡᠴᠢᠯᠡᠬᠦ ᠠᠵᠢᠯ ᠳᠤ ᠣᠷᠣᠯᠴᠠᠭᠤᠯᠪᠠ᠃ ᠡᠭᠦᠨ ᠳᠤ 95598 ᠠᠦ᠋ᠲ᠋ᠣ᠋ ᠰᠠᠨᠠᠭᠤᠯᠤᠮᠵᠢ ᠶᠢᠨ ᠮᠠᠰᠢᠨ | ᠬᠥᠮᠥᠨ᠂ 95598 ᠴᠠᠭᠢᠯᠭᠠᠨ ᠬᠦᠴᠦᠨ ᠤ ᠴᠠᠬᠢᠮ ᠮᠡᠳᠡᠭᠡ ᠶᠢᠨ ᠰᠠᠨᠠᠭᠤᠯᠤᠮᠵᠢ ᠶᠢ ᠬᠤᠪᠢᠷᠠᠭᠤᠯᠬᠤ ᠡᠬᠡ ᠲᠠᠩᠰᠠ ᠶᠢ ᠣᠶᠤᠨᠴᠢ ᠪᠠᠷ ᠭᠠᠷᠭᠠᠬᠤ ᠮᠠᠰᠢᠨ | ᠬᠥᠮᠥᠨ ᠵᠢᠴᠢ ᠨᠢᠭᠡ ᠯᠡ ᠤᠳᠠᠭ᠎ᠠ ᠳᠤ ᠭᠦᠢᠴᠡᠳᠬᠡᠬᠦ ᠠᠵᠢᠯ ᠤᠨ ᠬᠠᠭᠤᠳᠠᠰᠤ ᠶᠢ ᠣᠶᠤᠨᠴᠢ ᠪᠠᠷ ᠵᠠᠳᠠᠯᠬᠤ ᠮᠠᠰᠢᠨ ᠬᠥᠮᠥᠨ ᠵᠡᠷᠭᠡ ᠰᠣᠹᠲ ᠢ ᠰᠤᠳᠤᠯᠤᠨ | ᠨᠡᠭᠡᠭᠡᠵᠦ᠂ ᠲᠥᠷᠥᠯ ᠵᠦᠢᠯ ᠤᠨ ᠰᠤᠳᠤᠯᠤᠨ ᠨᠡᠭᠡᠭᠡᠯᠲᠡ ᠨᠢ ᠡᠵᠡᠩᠨᠡᠨ ᠪᠣᠷᠣᠯᠠᠭᠤᠯᠬᠤ ᠰᠢᠰᠲ᠋ᠧᠮ ᠤᠨ ᠲᠡᠮᠳᠡᠭᠯᠡᠯ ᠢ ᠠᠦ᠋ᠲ᠋ᠣ᠋ ᠪᠠᠷ ᠰᠢᠨᠡᠳᠬᠡᠬᠦ᠂ 95598 | ᠠᠵᠢᠯ ᠤᠨ ᠬᠠᠭᠤᠳᠠᠰᠤ ᠶᠢ ᠰᠠᠨᠠᠭᠤᠯᠬᠤ᠂ 95598 ᠠᠵᠢᠯ ᠤᠨ ᠬᠠᠭᠤᠳᠠᠰᠤ ᠶᠢ ᠭᠦᠨᠵᠡᠭᠡᠢ ᠵᠠᠳᠠᠯᠬᠤ ᠵᠡᠷᠭᠡ ᠴᠢᠳᠠᠮᠵᠢ ᠶᠢ ᠪᠦᠷᠢᠯᠳᠦᠭᠦᠯᠪᠡ᠃ ᠡᠨᠡ ᠨᠢ | ᠲᠠᠷᠠᠭᠠᠴᠢ ᠶᠢᠨ ᠠᠯᠬᠤᠮ ᠳᠤ ᠭᠦᠭᠡᠬᠤᠲᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠬᠡᠷᠡᠭᠯᠡᠭᠴᠢ ᠶᠢᠨ ᠲᠦᠭᠡᠮᠡᠯ ᠴᠢᠨᠠᠷᠲᠠᠢ ᠬᠡᠷᠡᠭᠴᠡᠭᠡ ᠱᠠᠭᠠᠷᠳᠠᠯᠭ᠎ᠠ ᠶᠢ | ᠪᠠᠭᠠᠰᠬᠠᠬᠤ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠳᠤ ᠡᠷᠴᠢᠮᠲᠡᠢ ᠲᠤᠭ᠎ᠠ ᠪᠠᠷᠢᠮᠲᠠ ᠶᠢᠨ ᠪᠠᠲᠤᠯᠠᠭ᠎ᠠ ᠬᠠᠩᠭᠠᠬᠤ | ᠪᠣᠯᠣᠨ᠎ᠠ᠃ | 3 ᠰᠠᠷ᠎ᠠ ᠶᠢᠨ ᠰᠡᠭᠦᠯᠴᠢ ᠪᠤᠯᠲᠠᠯ᠎ᠠ ᠭᠦᠭᠡᠬᠤᠲᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠬᠡᠷᠡᠭᠯᠡᠭᠴᠢᠳ ᠤᠨ ᠦᠢᠯᠡᠴᠢᠯᠡᠭᠡᠨ ᠤ ᠲᠥᠪ ᠤᠨ | ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠥᠪ 95598 ᠨᠢᠭᠡ ᠯᠡ ᠤᠳᠠᠭ᠎ᠠ ᠳᠤ ᠭᠦᠢᠴᠡᠳᠬᠡᠬᠦ ᠠᠵᠢᠯ ᠤᠨ ᠬᠠᠭᠤᠳᠠᠰᠤ ᠶᠢ ᠨᠡᠶᠢᠲᠡ 20 ᠲᠦᠮᠡ | ᠭᠠᠷᠤᠢ ᠬᠤᠪᠢ ᠰᠢᠢᠳᠪᠦᠷᠢᠯᠡᠵᠦ᠂ ᠨᠢᠭᠡ ᠯᠡ ᠤᠳᠠᠭ᠎ᠠ ᠳᠤ ᠭᠦᠢᠴᠡᠳᠬᠡᠬᠦ ᠠᠵᠢᠯ ᠤᠨ ᠬᠠᠭᠤᠳᠠᠰᠤ ᠶᠢ ᠣᠶᠤᠨᠴᠢ ᠪᠠᠷ ᠵᠠᠳᠠᠯᠬᠤ ᠮᠠᠰᠢᠨ ᠬᠥᠮᠥᠨ ᠤ ᠰᠣᠹᠲ | ᠤᠨ ᠣᠨᠴᠠᠯᠢᠭ ᠢ ᠠᠰᠢᠭᠯᠠᠨ ᠲᠤᠭ᠎ᠠ ᠪᠠᠷᠢᠮᠲᠠ ᠶᠢᠨ ᠲᠤᠯᠭᠠᠭᠤᠷᠢᠯᠠᠬᠤ ᠴᠢᠳᠠᠮᠵᠢ ᠶᠢ ᠭᠦᠢᠴᠡᠳ ᠪᠠᠳᠠᠷᠠᠭᠤᠯᠪᠠ᠃ | |