ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 10 ᠤ ᠴᠠᠭᠢᠯᠭᠠᠨ ᠮᠡᠳᠡᠭᠡ 5 ᠰᠠᠷ᠎ᠠ ᠶᠢᠨ 10 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ | ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠠᠵᠢᠯᠯᠠᠭ᠎ᠠ ᠪᠠᠨ ᠲᠡᠭᠦᠰ ᠠᠮᠵᠢᠯᠲᠠᠲᠠᠢ ᠲᠡᠭᠦᠰᠬᠡᠭᠡᠳ ᠪᠡᠭᠡᠵᠢᠩ ᠳᠤ | ᠪᠤᠴᠠᠵᠤ ᠢᠷᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠪᠤᠴᠠᠵᠤ ᠢᠷᠡᠵᠡᠢ᠃ | |