ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 10 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠬᠠᠨ ᠮᠦᠸᠧ ᠵᠧᠩ ᠺᠠᠢ ᠵᠢᠶᠦ᠋ᠨ︶ | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠲᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ | ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠠᠵᠢᠯᠯᠠᠭ᠎ᠠ ᠪᠠᠨ ᠲᠡᠭᠦᠰ ᠠᠮᠵᠢᠯᠲᠠᠲᠠᠢ ᠲᠡᠭᠦᠰᠬᠡᠭᠡᠳ ᠪᠡᠭᠡᠵᠢᠩ ᠵᠦᠭ ᠪᠤᠴᠠᠪᠠ᠃ | ᠮᠣᠰᠺᠸᠠ ᠠᠴᠠ ᠰᠠᠯᠬᠤ ᠦᠶ᠎ᠡ ᠳᠤ ᠣᠷᠣᠰ ᠤᠨ ᠳᠡᠳ᠋ ᠶᠡᠷᠦᠩᠬᠡᠢ ᠰᠠᠶᠢᠳ ᠴᠧᠷᠨᠧᠱᠧᠨᠺᠧ ᠵᠡᠷᠭᠡ ᠵᠠᠰᠠᠭ ᠤᠨ ᠣᠷᠳᠣᠨ ᠤ ᠳᠡᠭᠡᠳᠦ ᠲᠤᠰᠢᠶᠠᠯᠲᠠᠳ | ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠵᠠᠢ᠃ | ᠤᠷᠤᠰ ᠤᠨ ᠬᠢᠨ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠦᠳᠡᠬᠦ ᠶᠣᠰᠣᠯᠠᠯ ᠶᠠᠪᠤᠭᠤᠯᠪᠠ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ | ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠪᠡ᠃ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠨᠢᠰᠦᠭᠰᠡᠨ ᠤ ᠳᠠᠷᠠᠭ᠎ᠠ᠂ ᠤᠷᠤᠰ ᠤᠨ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠠᠭᠠᠷ ᠤᠨ | ᠠᠶᠠᠯᠠᠯ ᠢ ᠬᠠᠮᠠᠭᠠᠯᠠᠪᠠ᠃ | ᠨᠢᠰᠬᠡᠯ ᠤᠨ ᠪᠠᠭᠤᠳᠠᠯ ᠳᠤ ᠬᠦᠷᠬᠦ ᠵᠠᠮ ᠳᠤ᠂ ᠲᠤᠬᠠᠢ ᠶᠢᠨ ᠭᠠᠵᠠᠷ ᠤᠨ ᠠᠷᠠᠳ ᠤᠯᠠᠨ ᠵᠢᠴᠢ ᠳᠤᠮᠳᠠᠳᠤ ᠶᠢᠨ ᠪᠡᠯᠡᠳᠤ ᠠᠵᠤ ᠠᠬᠤᠶᠢᠯᠠᠯ ᠪᠣᠯᠣᠨ | ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠬᠴᠢᠳ ᠤᠨ ᠲᠥᠯᠥᠭᠡᠯᠡᠭᠴᠢ ᠵᠠᠮ ᠤᠨ ᠬᠤᠶᠠᠷ ᠬᠠᠵᠠᠭᠤ ᠪᠠᠷ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ | ᠲᠤᠭ ᠢ ᠬᠤᠷᠤᠶᠢᠯᠠᠵᠤ᠂ ᠰᠢ ᠶᠢᠨ ᠫᠢᠩ ᠤᠨ ᠤᠷᠤᠰ ᠲᠠᠬᠢ ᠠᠶᠢᠯᠴᠢᠯᠠᠯᠲᠠ ᠲᠡᠭᠦᠰ ᠠᠮᠵᠢᠯᠲᠠ ᠣᠯᠣᠭᠰᠠᠨ ᠳᠤ ᠬᠠᠯᠠᠭᠤᠨ ᠪᠠᠶᠠᠷ ᠬᠦᠷᠭᠡᠵᠡᠢ᠃ | |