ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ 5 ᠰᠠᠷ᠎ᠠ ᠶᠢᠨ 11 ᠤ ᠡᠳᠦᠷ᠄ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠪᠣᠯᠣᠨ ᠺᠡᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠵᠥᠪᠳᠡᠯᠴᠡᠨ ᠲᠣᠭᠲᠠᠭᠰᠠᠨ ᠢᠶᠠᠷ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ 5 ᠰᠠᠷ᠎ᠠ ᠶᠢᠨ 13 ᠤ | ᠡᠳᠦᠷ ᠪᠡᠭᠡᠵᠢᠩ ᠳᠤ ᠶᠠᠪᠤᠭᠳᠠᠨ᠎ᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠴᠢᠬᠤᠯᠠ ᠶᠠᠷᠢᠶ᠎ᠠ | ᠲᠠᠯᠪᠢᠨ᠎ᠠ ᠭᠡᠵᠦ ᠨᠡᠶᠢᠲᠡᠯᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ | ᠰᠠᠶᠢᠳ ᠸᠠᠩ ᠢ ᠬᠤᠷᠠᠯ ᠢ ᠡᠷᠭᠢᠯᠡᠨ᠎ᠡ᠃ ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ | ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠪᠤᠶᠤ ᠲᠥᠯᠥᠭᠡᠯᠡᠭᠴᠢ᠂ ᠬᠤᠯᠪᠣᠭᠳᠠᠯ ᠪᠦᠬᠦᠢ ᠣᠷᠣᠨ ᠪᠦᠰᠡ ᠶᠢᠨ ᠴᠢᠨᠠᠷᠲᠠᠢ ᠤᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠨ᠎ᠠ᠃ | |