ᠬᠦᠬᠡᠬᠤᠲᠠ ᠶᠢᠨ 2025 ᠣᠨ ᠤ ᠪᠦᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/5/13
      ︵ᠰᠤᠷᠪᠤᠯᠵᠢᠯᠠᠭᠴᠢ ᠮᠠ ᠶᠠᠨ︶ 34 ᠳ᠋ᠣᠭᠡᠷ ᠪᠥᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠬᠦᠷᠴᠦ ᠢᠷᠡᠬᠦ ᠲᠠᠰᠢᠷᠠᠮ ᠢᠶᠠᠷ᠂ 5 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠣᠯᠠᠨ ᠰᠠᠯᠠᠭ᠎ᠠ ᠮᠥᠴᠢᠷ ᠠᠴᠠ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ ᠶᠢᠨ 2025 ᠣᠨ ᠤ ᠪᠥᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠠᠯᠳᠠᠢ ᠴᠡᠴᠡᠷᠯᠢᠭ ᠲᠤ ᠡᠬᠢᠯᠡᠪᠡ᠃      ᠣᠶᠢᠯᠠᠭᠠᠭᠰᠠᠨ ᠢᠶᠠᠷ᠂ ᠲᠣᠰ ᠠᠵᠢᠯᠯᠠᠭ᠎ᠠ ᠨᠢ ︽ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠤᠰᠤ ᠠᠷᠪᠢᠯᠠᠬᠤ ᠶᠢ ᠬᠠᠮᠵᠢᠯᠴᠠᠨ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠠ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠤᠰᠤ ᠠᠷᠪᠢᠯᠠᠬᠤ ᠤᠬᠠᠮᠰᠠᠷ ᠢ ᠭᠦᠨᠵᠡᠭᠡᠶᠢᠷᠡᠭᠦᠯᠦᠨ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠳᠥᠯᠭᠢᠨ ᠠᠬᠢᠭᠤᠯᠬᠤ ᠶᠢᠨ ᠲᠥᠯᠥᠭᠡ ᠶᠤᠮ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠤᠰᠤ ᠠᠷᠪᠢᠯᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠬᠤᠲᠠ ᠶᠢᠨ ᠠᠷᠠᠳ ᠲᠤ ᠤᠰᠤ ᠠᠷᠪᠢᠯᠠᠬᠤ ᠰᠢᠨᠵᠢᠯᠡᠬᠦ ᠤᠬᠠᠭᠠᠨ ᠤ ᠶᠡᠷᠦ ᠶᠢᠨ ᠮᠡᠳᠡᠯᠭᠡ᠂ ︽ᠠᠷᠠᠳ ᠢᠷᠭᠡᠳ ᠤᠨ ᠤᠰᠤ ᠶᠢ ᠠᠷᠪᠢᠯᠠᠵᠤ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ︾᠂ ᠳᠠᠬᠢᠯᠲᠠ ᠤᠰᠤ ᠶᠢ ᠠᠰᠢᠭᠯᠠᠬᠤ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ ᠤᠰᠤ ᠠᠷᠪᠢᠯᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠪᠠᠰᠠ ᠲᠤᠬᠠᠶ ᠶᠢᠨ ᠲᠠᠯᠠᠪᠠᠢ ᠶᠢᠨ ᠣᠯᠠᠨ ᠲᠦᠮᠡᠨ ᠲᠠᠢ ᠬᠠᠷᠢᠯᠴᠠᠨ ᠬᠦᠳᠦᠯᠦᠯᠴᠡᠬᠦ ᠤᠰᠤ ᠠᠷᠪᠢᠯᠠᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠤᠰᠤ ᠠᠷᠪᠢᠯᠠᠬᠤ ᠵᠢᠵᠢᠭ ᠲᠣᠭᠯᠠᠭᠠᠮ ᠵᠡᠷᠭᠡ ᠶᠢ ᠥᠷᠨᠢᠭᠦᠯᠵᠦ᠂ ᠬᠤᠲᠠ ᠶᠢᠨ ᠠᠷᠠᠳ ᠲᠤ ᠤᠰᠤ ᠠᠷᠪᠢᠯᠠᠬᠤ       ︽ᠮᠡᠳᠡᠯᠭᠡ ᠶᠢᠨ ᠦᠪᠡᠳᠡᠭᠰᠢ ᠨᠠᠶᠢᠷ︾ ᠢ ᠠᠪᠴᠢᠷᠠᠭᠰᠠᠨ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠬᠥᠬᠡᠬᠤᠲᠠ ᠬᠤᠲᠠ ᠶᠢᠨ ᠤᠰᠤ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ ᠢᠳᠡᠪᠬᠢᠲᠡᠢ ᠠᠬᠢᠭᠤᠯᠵᠤ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ᠂ ᠬᠤᠭᠤᠯᠠᠶ ᠲᠣᠣᠷ ᠢ ᠰᠢᠨᠡᠳᠬᠡᠨ ᠥᠭᠡᠷᠡᠴᠢᠯᠡᠬᠦ ᠵᠡᠷᠭᠡ ᠬᠤᠲᠠ ᠶᠢᠨ ᠰᠠᠭᠤᠷᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠠᠵᠢᠯ ᠤᠨ ᠳᠤᠮᠳᠠ᠂ ᠬᠤᠲᠠ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷ ᠤᠰᠤ ᠶᠢ ᠳᠠᠬᠢᠨ ᠠᠰᠢᠭᠯᠠᠬᠤ ᠵᠢᠴᠢ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ 2025 ᠣᠨ ᠳᠤ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤ ᠬᠠᠩᠭᠠᠬᠤ ᠬᠤᠭᠤᠯᠠᠶ ᠲᠣᠤᠷ ᠤᠨ ᠭᠤᠭᠤᠵᠢᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠰᠤ ᠶᠢ ᠠᠷᠪᠢᠯᠠᠨ ᠬᠡᠷᠡᠭᠯᠡᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠢᠳᠡᠪᠬᠢᠲᠡᠶ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ