1. ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠪᠠ | | | ᠬᠤᠷᠠᠯᠳᠤᠭᠠᠨ ᠢᠶᠠᠷ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠱᠠᠲᠤᠴᠢ ᠴᠢᠨᠠᠷᠲᠠᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠤᠬᠠᠮᠰᠠᠷ ᠠᠴᠠ ᠪᠠᠨ ᠪᠠᠷᠢᠮᠵᠢᠶᠠᠵᠢᠭᠤᠯᠤᠨ ᠬᠠᠷᠭᠤᠭᠤᠯᠵᠤ᠂ ᠡᠯ᠎ᠡ | ᠬᠦᠷᠢᠶᠡᠨ ᠳᠠᠬᠢ ᠬᠠᠷᠠᠯᠲᠠ ᠡᠭᠦᠷᠭᠡ ᠪᠠᠨ ᠵᠣᠬᠢᠰᠲᠠᠢ ᠲᠣᠭᠲᠠᠭᠠᠵᠤ᠂ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠢᠴᠡᠳ | ᠢᠯᠡᠷᠡᠭᠦᠯᠬᠦ ᠬᠡᠷᠡᠭᠲᠡᠢ᠃ | | | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ | ᠪᠣᠯᠬᠤ ᠠᠵᠢᠯ ᠢ ᠭᠦᠨᠵᠡᠭᠡᠢ ᠲᠦᠯᠦᠪᠵᠢᠭᠦᠯᠦᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ | ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | | | ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | | | 2. ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ | | | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠣᠯ ᠰᠢᠨ᠎ᠡ ᠴᠠᠭ | ᠦᠶ᠎ᠡ ᠳᠤ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ | | | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠯᠦᠭᠡ | ᠬᠠᠷᠭᠤᠭᠤᠯᠬᠤ ᠶᠢ ᠳᠡᠮᠵᠢᠵᠦ᠂ ᠳᠦᠷᠢᠮ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠤᠨ᠂ ᠦᠢᠯᠡᠴᠢᠯᠡᠭᠡᠨ ᠤ ᠠᠷᠠᠯᠵᠢᠶ᠎ᠠ ᠶᠢ ᠬᠥᠭᠵᠢᠭᠦᠯᠬᠦ᠂ | ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦᠯᠵᠤ ᠠᠵᠢᠯᠯᠠᠭᠤᠯᠬᠤ ᠳᠤ ᠳᠦᠭᠦᠮ ᠦᠵᠡᠭᠦᠯᠬᠦ ᠵᠡᠷᠭᠡ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠨ᠂ | ᠵᠦᠷᠢᠶᠡᠴᠢᠯᠡᠭᠰᠡᠨ ᠬᠠᠶᠢᠨ ᠰᠦᠪᠡᠭᠴᠢᠯᠡᠯᠲᠡ ᠶᠢ ᠥᠷᠨᠢᠭᠦᠯᠵᠦ᠂ ᠨᠢᠭᠡ ᠪᠦᠯᠦᠭ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠢ ᠲᠦᠷᠭᠡᠬᠡᠨ ᠭᠠᠷᠭᠠᠬᠤ ᠬᠡᠷᠡᠭᠲᠡᠢ | ᠃ | | | ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ ᠥᠷᠭᠡᠳᠬᠡᠵᠦ᠂ ᠠᠵᠤ ᠦᠢᠯᠡᠰ ᠤᠨ | ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢᠨ ᠬᠡᠪᠴᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ | ᠪᠣᠯᠪᠠᠰᠤᠷᠠᠩᠭᠤᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠳᠠᠪᠤᠷᠢ ᠶᠢᠨ ᠲᠡᠰ ᠢᠶᠠᠨ ᠳᠡᠭᠡᠭᠰᠢᠯᠡᠭᠦᠯᠬᠦ ᠶᠢ ᠨᠢ ᠯᠠᠪᠳᠠᠭᠤᠨ ᠢᠶᠠᠷ ᠲᠦᠯᠬᠢᠨ | ᠠᠬᠢᠭᠤᠯᠬᠤ ᠬᠡᠷᠡᠭᠲᠡᠢ᠃ | | | 3. ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠤᠯᠪᠣᠭᠳᠠᠯ ᠪᠦᠬᠦᠢ | ᠠᠷᠭ᠎ᠠ ᠬᠡᠮᠵᠢᠶ᠎ᠡ ᠨᠦᠭᠦᠳ ᠢ ᠰᠤᠳᠤᠯᠤᠨ ᠭᠦᠨᠵᠡᠭᠡᠶᠢᠷᠡᠭᠦᠯᠪᠡ | | | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠡᠰ ᠳᠠᠪᠬᠤᠷᠭ᠎ᠠ ᠶᠢᠨ ᠥᠭᠡᠷᠡᠴᠢᠯᠡᠯᠲᠡ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | | | ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠥᠨᠳᠥᠷ ᠪᠦᠲᠦᠮᠵᠢᠲᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠶᠢ | ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠨ ᠲᠤᠰᠬᠠᠯ ᠢᠶᠠᠷ ᠲᠣᠪᠣᠶᠢᠮ᠎ᠠ ᠪᠠᠶᠢᠭ᠎ᠠ ᠲᠥᠭᠵᠢᠷᠡᠯ ᠰᠠᠭᠠᠭᠳᠠᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | | | ᠭᠠᠵᠠᠷ ᠰᠢᠷᠣᠢ᠂ ᠴᠢᠳᠠᠪᠤᠷᠢᠲᠠᠨ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠳᠡᠮᠵᠢᠬᠦ ᠲᠦᠷᠦ ᠶᠢᠨ ᠪᠣᠳᠣᠯᠭ᠎ᠠ ᠪᠠ ᠢᠵᠢ | ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠬᠥᠭᠵᠢᠯᠲᠡ ᠳᠤ ᠨᠡᠩ ᠰᠠᠶᠢᠨ | ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ᠃ | | | 4. ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠬᠦ ᠳᠦᠷᠢᠮ ︵ᠲᠥᠰᠥᠯ︶︾ ᠢ ᠬᠢᠨᠠᠨ ᠵᠦᠪᠯᠡᠵᠦ ᠪᠠᠲᠤᠯᠠᠪᠠ | | | ᠬᠤᠷᠠᠯᠳᠤᠭᠠᠨ ᠢᠶᠠᠷ ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠥᠷᠲᠡᠬᠦ ᠳᠦᠷᠢᠮ ︵ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ | | | ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠳ᠋ᠠᠶᠢᠲ᠋ᠠ ᠶᠢᠨ ᠪᠠᠬᠢᠯᠡᠯᠲᠡ ᠶᠢ ᠨᠠᠪᠲᠠᠷᠡᠭᠦᠯᠵᠦ᠂ ᠤᠯᠠᠨ ᠨᠡᠶᠢᠲᠡ ᠶᠢᠨ | ᠦᠢᠯᠡᠴᠢᠯᠡᠭᠡ ᠶᠢ ᠨᠡᠩ ᠲᠦᠭᠡᠮᠡᠯ ᠬᠠᠷᠠᠭᠠᠯᠵᠠᠯᠲᠤ ᠪᠦᠭᠡᠳ ᠳᠥᠭᠦᠮ ᠳᠥᠲᠡ ᠪᠣᠯᠭᠠᠬᠤ ᠶᠢ ᠠᠬᠢᠭᠤᠯᠬᠤ ᠬᠡᠷᠡᠭᠲᠡᠢ᠃ | | | ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠳ᠋ᠠᠶᠢᠲ᠋ᠠ ᠶᠢᠨ ᠡᠬᠢ | ᠪᠠᠶᠠᠯᠢᠭ ᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠪᠠ ᠠᠵᠤ ᠦᠢᠯᠡᠰ ᠤᠨ ᠠᠮᠢ ᠠᠬᠤᠢ ᠶᠢᠨ ᠴᠡᠴᠡᠭᠯᠡᠯ ᠬᠥᠭᠵᠢᠯ ᠢ ᠨᠡᠩ | ᠰᠠᠶᠢᠲᠤᠷ ᠡᠷᠴᠢᠮᠵᠢᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠭᠢ ᠶᠢ ᠨᠡᠮᠡᠭᠳᠡᠭᠦᠯᠬᠦ ᠬᠡᠷᠡᠭᠲᠡᠢ᠃ | | | 5. ︽ᠤᠯᠤᠰ ᠤᠨ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ ᠤᠨ | ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ︵2025 - 2035 ᠣᠨ︶︾ ᠶᠢ ᠰᠤᠳᠤᠯᠪᠠ | | | ᠬᠤᠷᠠᠯᠳᠤᠭᠠᠨ ᠢᠶᠠᠷ ︽ᠤᠯᠤᠰ ᠤᠨ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ | ᠰᠢᠰᠲ᠋ᠧᠮ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ︵2025 - 2035 ᠣᠨ︶︾ ᠶᠢ ᠰᠤᠳᠤᠯᠵᠠᠢ᠃ ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ | | | ᠤᠰᠤᠨ ᠳᠡᠭᠡᠷᠡᠬᠢ ᠣᠳᠣᠬᠢᠴᠢᠯᠠᠭᠰᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠢᠨ ᠤ ᠵᠣᠬᠢᠴᠠᠭᠤᠯᠤᠨ ᠬᠤᠯᠪᠣᠭᠠᠯᠠᠬᠤ ᠶᠢ ᠴᠢᠩᠭᠠᠳᠬᠠᠵᠤ᠂ ᠴᠢᠬᠤᠯᠠ ᠲᠣᠨᠤᠭ | ᠲᠦᠬᠦᠭᠡᠷᠦᠮᠵᠢ ᠪᠠ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠂ ᠨᠥᠬᠦᠴᠡᠯ ᠪᠦᠷᠢᠯᠳᠦᠭᠦᠯᠵᠦ ᠪᠠᠶᠢᠭᠠᠳ ᠨᠡᠶᠢᠭᠡᠮ ᠤᠨ ᠬᠥᠷᠥᠩᠭᠡ ᠶᠢ | ᠲᠠᠲᠠᠵᠤ ᠬᠢᠨᠠᠨ ᠬᠠᠮᠢᠶᠠᠷᠴᠤ ᠠᠪᠤᠷᠠᠨ ᠲᠤᠰᠠᠯᠠᠬᠤ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠳᠤ ᠣᠷᠣᠯᠴᠠᠭᠤᠯᠵᠤ᠂ ᠵᠠᠮ ᠬᠠᠷᠢᠯᠴᠠᠭᠠᠨ ᠤ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃ | | | 6. ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠪᠠᠷ ᠪᠠᠶᠢᠷᠢᠯᠠᠭᠤᠯᠤᠯᠲᠠ ᠬᠢᠪᠡ | | | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠣᠷᠣᠨ ᠳᠤ ᠠᠮᠤᠷ ᠲᠦᠪᠰᠢᠨ ᠤ ᠠᠳᠡᠯ ᠵᠠᠯᠭᠠᠭ᠎ᠠ ᠪᠠᠷ | ᠭᠠᠷᠤᠭᠰᠠᠨ ᠨᠢ ᠰᠤᠷᠭᠠᠮᠵᠢ ᠨᠢ ᠭᠦᠨᠵᠡᠭᠡᠢ ᠪᠠᠶᠢᠨ᠎ᠠ᠂ ᠡᠨᠡ ᠨᠢ ᠠᠶᠤᠯ ᠦᠭᠡᠢ ᠦᠢᠯᠡᠳᠪᠦᠷᠢᠯᠡᠯ ᠢ ᠬᠡᠵᠢᠶ᠎ᠡ ᠴᠦ ᠬᠥᠩᠭᠡᠪᠴᠢᠯᠡᠵᠦ ᠪᠣᠯᠬᠤ ᠦᠭᠡᠢ ᠭᠡᠳᠡᠭ ᠢ | ᠬᠠᠷᠠᠭᠤᠯᠵᠤ ᠪᠠᠶᠢᠨ᠎ᠠ᠃ | | | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ | ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠤᠲᠠᠲᠠᠶᠢᠵᠢᠭᠤᠯᠬᠤ ᠬᠡᠷᠡᠭᠲᠡᠢ᠂ ᠢᠯᠠᠩᠭᠤᠶ᠎ᠠ ︽ᠰᠡᠷᠭᠡᠶᠢᠯᠡᠯᠲᠡ︾ ᠶᠢᠨ ᠲᠠᠯ᠎ᠠ ᠪᠠᠷ ᠨᠡᠩ | ᠶᠡᠭᠡ ᠬᠦᠴᠦ ᠣᠷᠣᠭᠤᠯᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ | ᠪᠣᠯᠬᠤ ᠬᠦᠷᠢᠶ᠎ᠡ ᠴᠠᠷᠠᠭ᠎ᠠ ᠭᠤᠣᠯᠳᠠᠯᠭ᠎ᠠ ᠪᠣᠯᠬᠤ ᠲᠠᠯᠠᠪᠤᠷ ᠭᠠᠵᠠᠷ ᠤᠨ ᠭᠤᠣᠯᠳᠠᠯᠭ᠎ᠠ ᠪᠣᠯᠬᠤ ᠠᠰᠠᠭᠤᠳᠠᠯ ᠳᠤ ᠨᠡᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ | ᠠᠪᠴᠤ ᠪᠠᠶᠢᠭᠠᠳ ᠴᠡᠭᠴᠡᠯᠡᠨ ᠵᠠᠰᠠᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃ | | | |