| | | | | ︵ᠰᠤᠷᠪᠤᠯᠵᠢᠯᠠᠭᠴᠢ ᠶᠠᠩ ᡁᠢ ᠸᠧᠢ︶ 5 ᠳ᠋ᠤᠭᠠᠷ ᠰᠠᠷ᠎ᠠ ᠶᠢᠨ 13 ᠤ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ ᠠᠴᠠ 2025 ᠣᠨ ᠤ ᠬᠥᠬᠡᠬᠤᠲᠠ ᠶᠢᠨ ᠥᠨᠳᠥᠷ ᠳᠤᠮᠳᠠᠳᠤ ᠳᠤ ᠰᠢᠯᠭᠠᠭᠤᠯᠬᠤ ᠰᠢᠯᠭᠠᠯᠲᠠ ᠶᠢᠨ ᠲᠠᠮᠢᠷ ᠤᠨ ᠲᠤᠰᠬᠠᠢ | ᠬᠥᠳᠡᠯᠭᠡᠭᠡᠨ ᠤ ᠴᠢᠳᠠᠪᠤᠷᠢ ᠶᠢᠨ ᠰᠢᠯᠭᠠᠯᠲᠠ ᠶᠢᠨ ᠵᠠᠭᠤᠴᠢᠯᠠᠭᠤᠷ ᠤᠨ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠳᠤᠮᠳᠠᠳᠤ ᠳᠤ ᠰᠢᠯᠭᠠᠭᠤᠯᠬᠤ ᠰᠢᠯᠭᠠᠯᠲᠠ ᠶᠢᠨ ᠥᠭᠡᠷᠡᠴᠢᠯᠡᠯᠲᠡ ᠶᠢᠨ ᠳᠠᠷᠠᠭᠠᠬᠢ | ᠠᠩᠬᠠᠳᠠᠭᠴᠢ ᠲᠠᠮᠢᠷ ᠤᠨ ᠲᠤᠰᠬᠠᠶ ᠬᠥᠳᠡᠯᠭᠡᠭᠡᠨ ᠤ ᠴᠢᠳᠠᠪᠤᠷᠢ ᠶᠢᠨ ᠰᠢᠯᠭᠠᠯᠲᠠ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠰᠢᠯᠭᠠᠯᠲᠠ ᠳᠤ ᠬᠥᠯ | ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠫᠢᠩᠫᠠᠩ ᠪᠥᠮᠪᠦᠭᠡ᠂ ᠥᠲᠥᠨ ᠪᠥᠮᠪᠦᠭᠡ᠂ ᠵᠡᠪᠰᠡᠭ ᠤᠨ ᠡᠷᠳᠡᠮ ᠪᠠ ᠬᠢᠮᠨᠠᠰᠲ᠋ᠢᠺ ᠵᠡᠷᠭᠡ | 7 ᠲᠥᠷᠥᠯ ᠵᠦᠢᠯ ᠢ ᠲᠣᠬᠢᠷᠠᠭᠤᠯᠪᠠ᠃ ᠪᠦᠬᠦ ᠬᠤᠲᠠ ᠶᠢᠨ 66 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 2.3 ᠲᠦᠮᠡᠨ ᠰᠢᠯᠭᠠᠭᠤᠯᠤᠭᠰᠠᠳ | ᠤᠷᠤᠯᠴᠠᠨ᠎ᠠ᠃ ᠰᠢᠯᠭᠠᠯᠲᠠ ᠨᠢ ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ | ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠶᠠᠷ ᠰᠢᠯᠭᠠᠯᠲᠠ ᠶᠢᠨ ᠴᠡᠭ ᠲᠤ ᠶᠠᠪᠤᠭᠳᠠᠵᠤ᠂ 5 ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯ᠎ᠠ | ᠦᠷᠭᠦᠯᠵᠢᠯᠡᠬᠦ ᠪᠣᠯᠤᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ | ᠰᠢᠯᠭᠠᠯᠲᠠ ᠪᠠᠷ ᠰᠤᠷᠤᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠪᠡᠶ᠎ᠡ ᠶᠢᠨ ᠲᠠᠮᠢᠷ | ᠬᠢᠭᠡᠳ ᠡᠷᠡᠭᠦᠯ ᠮᠡᠨᠳᠦ ᠶᠢᠨ ᠦᠨᠡᠯᠡᠯᠲᠡ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ︽ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ︾ ᠶᠢ | ᠨᠠᠶᠢᠳᠠᠪᠤᠷᠢᠵᠢᠭᠤᠯᠤᠨ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ 2025 ᠣᠨ ᠠᠴᠠ ᠡᠬᠢᠯᠡᠨ ᠬᠥᠬᠡᠬᠤᠲᠠ ᠶᠢᠨ | ᠥᠨᠳᠥᠷ ᠳᠤᠮᠳᠠᠳᠤ ᠳᠤ ᠰᠢᠯᠭᠠᠭᠤᠯᠬᠤ ᠲᠠᠮᠢᠷ ᠤᠨ ᠰᠢᠯᠭᠠᠯᠲᠠ ᠳᠤ ᠠᠩᠬ᠎ᠠ ᠤᠳᠠᠭ᠎ᠠ ᠲᠠᠮᠢᠷ ᠤᠨ ᠲᠤᠰᠬᠠᠶ ᠬᠥᠳᠡᠯᠭᠡᠭᠡᠨ ᠤ ᠴᠢᠳᠠᠪᠤᠷᠢ ᠶᠢᠨ ᠰᠢᠯᠭᠠᠯᠲᠠ ᠨᠡᠮᠡᠨ | ᠲᠤᠬᠢᠷᠠᠭᠤᠯᠵᠠᠢ᠃ |