︵ᠰᠤᠷᠪᠤᠯᠵᠢᠯᠠᠭᠴᠢ ᠰᠦᠩ ᠰᠢᠶᠠᠩ ᠬᠤᠸᠠ︶ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠢᠶᠠᠨ ᠬᠦᠴᠦᠷᠬᠡᠭᠵᠢᠭᠦᠯᠬᠦ᠂ ᠪᠥᠬᠦ ᠲᠠᠯ᠎ᠠ ᠪᠠᠷ | ᠬᠥᠭᠵᠢᠬᠦ ᠶᠢ ᠠᠬᠢᠭᠤᠯᠵᠤ᠂ ᠤᠯᠤᠰ ᠤᠨ ᠬᠥᠯ ᠪᠥᠮᠪᠦᠭᠡ ᠶᠢᠨ ᠦᠢᠯᠡᠰ ᠤᠨ ᠴᠢᠳᠠᠪᠤᠷᠢᠲᠠᠨ ᠤ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠣᠷᠣᠨ ᠤ ᠲᠥᠪ | ᠬᠤᠲᠠ ᠶᠢᠨ ᠡᠳ᠋ ᠤᠨ ᠵᠠᠰᠠᠭ ᠠᠴᠠ 2025 ᠣᠨ ᠤ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠲᠤᠷᠰᠢᠯᠲᠠ ᠶᠢᠨ ᠲᠤᠰᠬᠠᠶ ᠪᠠᠯᠠ ᠮᠥᠩᠭᠦ ᠶᠢ 1064 ᠲᠦᠮᠡᠨ ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠤ 16 ᠳᠤᠮᠳᠠᠳᠤ ᠪᠠᠭ᠎ᠠ | ᠰᠤᠷᠭᠠᠭᠤᠯᠢ ᠵᠢᠴᠢ 9 ᠬᠤᠰᠢᠭᠤ ᠰᠢᠶᠠᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ᠂ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠤ ᠵᠠᠷᠤᠳᠠᠯ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠠᠯᠠᠪᠠᠶ ᠪᠠ ᠲᠠᠯᠠᠪᠤᠷ | ᠣᠷᠳᠣᠨ ᠤ ᠪᠥᠲᠥᠭᠡᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠣᠶᠣᠯ ᠤᠨ ᠪᠠᠶᠢᠭᠤᠯᠤᠯᠲᠠ ᠵᠢᠴᠢ ᠤᠬᠠᠭᠤᠯᠭ᠎ᠠ ᠶᠢᠨ | ᠵᠠᠷᠤᠳᠠᠯ᠂ ᠴᠢᠳᠠᠪᠤᠷᠢᠲᠠᠨ ᠢ ᠬᠥᠮᠦᠵᠢᠭᠦᠯᠬᠦ ᠵᠢᠴᠢ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠠᠭᠰᠢ ᠶᠢ ᠬᠥᠮᠦᠵᠢᠭᠦᠯᠬᠦ ᠵᠡᠷᠭᠡ ᠳᠤ ᠲᠤᠰᠬᠠᠢ | ᠬᠡᠷᠡᠭᠯᠡᠵᠦ᠂ ᠪᠥᠬᠦ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠬᠤ᠂ ᠬᠥᠯ ᠪᠥᠮᠪᠦᠭᠡ ᠶᠢᠨ | ᠴᠢᠳᠠᠪᠤᠷᠢᠲᠠᠨ ᠢ ᠬᠥᠮᠦᠵᠢᠭᠦᠯᠬᠦ ᠲᠤᠷᠰᠢᠯᠲᠠ ᠶᠢ ᠦᠷᠨᠢᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠦᠨ᠎ᠡ᠃ |