| | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ | ᠰᠢ ᠶᠢᠨ ᠫᠢᠩ᠂ ᠨᠢᠳᠤᠨᠤᠨ ᠳᠤᠮᠳᠠᠳᠤ ᠪᠷᠠᠽᠢᠯ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ ᠲᠠᠰᠢᠷᠠᠮ ᠢᠶᠠᠷ᠂ ᠬᠤᠶᠠᠷ ᠲᠠᠯ᠎ᠠ ᠪᠠᠷ ᠢᠶᠠᠨ ᠬᠤᠶᠠᠷ | ᠤᠯᠤᠰ ᠤᠨ ᠬᠠᠷᠢᠯᠴᠠᠭ᠎ᠠ ᠶᠢ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠤᠨ ᠳᠤᠮᠳᠠᠳᠤ | ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠲᠡᠰ ᠳᠡᠪᠰᠢᠭᠦᠯᠦᠨ᠎ᠡ ᠭᠡᠵᠦ ᠨᠡᠶᠢᠲᠡᠯᠡᠪᠡ᠂ ᠡᠨᠡ ᠬᠦ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ | ᠪᠣᠳᠣᠯᠭ᠎ᠠ ᠨᠢ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠳᠠᠷᠠᠭᠠᠴᠢ ᠶᠢᠨ ︽ᠰᠢᠵᠢᠷ ᠠᠯᠳᠠᠨ 50 ᠵᠢᠯ︾ ᠳᠤ ᠠᠤᠭ᠎ᠠ ᠵᠢᠷᠤᠭ ᠲᠥᠰᠥᠪ ᠢ ᠵᠢᠷᠤᠭᠯᠠᠵᠤ ᠥᠭᠴᠡᠢ᠃ | ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠪᠷᠠᠽᠢᠯ ᠬᠤᠶᠠᠷ ᠤᠯᠤᠰ ᠬᠥᠮᠥᠨ ᠲᠥᠷᠥᠯᠬᠢᠲᠡᠨ ᠤ ᠲᠠᠪᠰᠢᠯᠳᠠ ᠳᠤ ᠬᠠᠷᠢᠭᠤᠴᠠᠯᠭ᠎ᠠ | ᠡᠭᠦᠷᠭᠡᠯᠡᠬᠦ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠪᠠᠨ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠲᠠᠰᠤᠷᠠᠯᠳᠠ | ᠦᠭᠡᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ ᠭᠠᠷ ᠬᠤᠯᠪᠣᠨ ᠲᠠᠶᠢᠴᠢᠯᠠᠵᠤ ᠪᠦᠯᠬᠦᠮᠳᠡᠯ ᠬᠠᠮᠵᠢᠯᠴᠠᠭ᠎ᠠ ᠪᠠᠨ | ᠴᠢᠩᠭᠠᠳᠬᠠᠶ᠎ᠠ ᠭᠡᠵᠦ ᠵᠢᠭᠠᠵᠤ ᠭᠠᠷᠭᠠᠪᠠ᠃ | | | | | | | | 5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠵᠢᠷᠤᠭ ᠪᠣᠯ | ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠯᠦᠯᠠ ᠪᠣᠯᠣᠨ ᠲᠡᠭᠦᠨ ᠤ ᠬᠠᠲᠤᠨ ᠯᠥᠸᠧᠰᠠᠩᠷᠧᠯᠠ ᠲᠠᠢ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ᠃ | ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶ | ᠰᠢ ᠶᠢᠨ ᠫᠢᠩ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ᠂ ᠳᠤᠮᠳᠠᠳᠤ ᠪᠷᠠᠽᠢᠯ ᠬᠤᠶᠠᠷ ᠲᠠᠯ᠎ᠠ ᠪᠠᠷ ᠢᠶᠠᠨ ᠨᠢᠭᠡ ᠳᠤ ᠪᠠᠶᠢᠯᠳᠤᠬᠤ ᠪᠣᠳᠣᠯᠭ᠎ᠠ ᠶᠢᠨ | ᠢᠲᠡᠭᠡᠯᠴᠡᠭᠡ ᠪᠠᠨ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ᠂ ᠬᠠᠷᠢᠯᠴᠠᠨ ᠬᠦᠨᠳᠦᠳᠬᠡᠬᠦ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ | ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠥ᠂ ᠡᠯ᠎ᠡ ᠱᠠᠲᠤ ᠳᠠᠪᠬᠤᠷᠭ᠎ᠠ᠂ ᠪᠦᠭᠦ ᠲᠠᠯ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ | ᠬᠤᠶᠠᠷ ᠲᠠᠯ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠶ᠎ᠠ᠃ ᠬᠤᠶᠠᠷ ᠲᠤ᠂ ᠬᠠᠮᠲᠤᠷᠠᠯᠴᠠᠭ᠎ᠠ ᠪᠠᠨ | ᠥᠷᠭᠡᠳᠬᠡᠬᠦ ᠶᠢ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ︽ᠨᠢᠭᠡ ᠪᠦᠰᠡ | ᠨᠢᠭᠡ ᠵᠠᠮ︾ ᠤᠨ ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠬᠤᠶᠠᠷ | ᠤᠯᠤᠰ ᠤᠨ ᠡᠯ᠎ᠡ ᠵᠦᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ | ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ᠂ ᠠᠭᠠᠷ ᠤᠨ ᠠᠶᠠᠯᠠᠯ ᠰᠠᠨᠰᠠᠷ ᠤᠨ | ᠠᠶᠠᠯᠠᠯ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠥᠷᠭᠡᠳᠬᠡᠵᠦ᠂ ᠬᠤᠶᠠᠷ ᠤᠯᠤᠰ ᠤᠨ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠨᠡᠩ ᠤᠯᠠᠨ ᠭᠢᠯᠠᠰ ᠴᠡᠭ ᠢ ᠪᠤᠢ ᠪᠣᠯᠭᠠᠶ᠎ᠠ᠃ ᠭᠤᠷᠪᠠ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠪᠠᠷᠢᠮᠲᠠᠯᠠᠵᠤ᠂ | ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠢᠷᠡᠬᠦ ᠵᠢᠯ ︽ᠳᠤᠮᠳᠠᠳᠤ ᠪᠷᠠᠽᠢᠯ ᠤᠨ | ᠰᠣᠶᠣᠯ ᠤᠨ ᠣᠨ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ᠂ ᠵᠠᠭᠤᠴᠢᠯᠠᠭᠤᠷ᠂ ᠣᠷᠣᠨ ᠨᠤᠲᠤᠭ ᠵᠡᠷᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠥᠮᠥᠰ ᠤᠨ ᠶᠠᠪᠤᠯᠴᠠᠭ᠎ᠠ ᠳᠤ ᠨᠡᠩ ᠤᠯᠠᠨ ᠲᠦᠭᠦᠮ ᠦᠵᠡᠭᠦᠯᠦᠶ᠎ᠡ᠃ ᠳᠥᠷᠪᠡ ᠳᠤ᠂ ᠤᠯᠠᠨ ᠲᠠᠯ᠎ᠠ ᠶᠢᠨ | ᠬᠠᠮᠵᠢᠯᠴᠠᠭ᠎ᠠ ᠶᠢ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠢᠨᠠᠷ ᠢ ᠳᠡᠭᠡᠭᠰᠢᠯᠡᠭᠦᠯᠦᠶ᠎ᠡ᠃ ᠵᠡᠭᠦᠨ ᠪᠠᠷᠠᠭᠤᠨ ᠬᠠᠭᠠᠰ | ᠪᠥᠮᠪᠥᠷᠴᠡᠭ ᠤᠨ ᠬᠤᠶᠠᠷ ᠶᠡᠭᠡ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ ᠬᠤᠶᠠᠷ ᠤᠯᠤᠰ ᠢᠶᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ | ᠠᠯᠳᠠᠨ ᠲᠣᠭᠤᠰᠭ᠋᠎ᠠ ᠤᠯᠤᠰ ᠤᠳ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ | ᠲᠠᠪᠴᠠᠩ ᠵᠡᠷᠭᠡ ᠤᠯᠠᠨ ᠲᠠᠯᠠᠲᠤ ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ᠂ | ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ᠂ ᠲᠤᠭ ᠲᠡᠮᠳᠡᠭ | ᠲᠣᠳᠣᠷᠬᠠᠢ ᠪᠠᠷ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠪᠣᠯᠣᠨ ᠡᠵᠡᠷᠬᠡᠵᠦ ᠳᠠᠷᠤᠯᠠᠬᠤ ᠠᠵᠢᠯᠯᠠᠭ᠎ᠠ ᠶᠢ ᠡᠰᠡᠷᠭᠦᠴᠡᠶ᠎ᠡ ᠭᠡᠵᠦ ᠴᠢᠬᠤᠯᠠᠴᠢᠯᠠᠪᠠ᠃ | | | | | | | | 5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠵᠢᠷᠤᠭ ᠪᠣᠯ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠶ ᠳᠤ ᠯᠦᠯᠠ ᠶᠢ | ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ︶ | ᠯᠦᠯᠠ᠂ ᠪᠷᠠᠽᠢᠯ ᠳᠤᠮᠳᠠᠳᠤ ᠬᠠᠷᠢᠯᠴᠠᠨ ᠭᠦᠨᠳᠦᠳᠭᠡᠵᠦ᠂ ᠬᠤᠪᠢ ᠵᠠᠶᠠᠭ᠎ᠠ ᠪᠠᠨ ᠬᠠᠮᠲᠤᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠡᠪᠳᠡᠷᠡᠰᠢ ᠦᠭᠡᠢ ᠪᠠᠲᠤ | ᠪᠠᠬᠢ ᠪᠠᠶᠢᠵᠤ᠂ ᠶᠠᠮᠠᠷᠪᠠ ᠭᠠᠳᠠᠭᠠᠳᠤ ᠬᠦᠴᠦᠨ ᠵᠦᠢᠯ ᠤᠨ ᠬᠠᠷᠰᠢᠯᠠᠯ ᠡᠪᠳᠡᠯᠭᠡ ᠶᠢ ᠬᠦᠯᠢᠶᠡᠬᠦ ᠦᠭᠡᠢ᠃ ᠪᠤᠰᠤᠳ ᠲᠣᠮᠣ ᠤᠯᠤᠰ ᠲᠠᠢ ᠠᠳᠠᠯᠢ ᠦᠭᠡᠢ ᠨᠢ ᠭᠡᠪᠡᠯ | ᠳᠤᠮᠳᠠᠳᠤ ᠤᠯᠤᠰ ᠪᠷᠠᠽᠢᠯ ᠢ ᠪᠠᠭᠲᠠᠭᠠᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠᠨ | ᠪᠡᠶᠡᠯᠡᠭᠦᠯᠬᠦ ᠶᠢ ᠴᠢᠩ ᠦᠨᠡᠨ ᠰᠡᠳᠬᠢᠯ ᠠᠴᠠ ᠪᠠᠨ ᠳᠡᠮᠵᠢᠭᠰᠡᠭᠡᠷ ᠢᠷᠡᠵᠠᠢ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠡᠩ ᠲᠥᠪ | ᠭᠤᠣᠯᠴᠢ᠂ ᠡᠩᠬᠡ ᠲᠠᠶᠢᠪᠤᠩ᠂ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠵᠤ᠂ ᠡᠯ᠎ᠡ ᠤᠯᠤᠰ ᠲᠤ ᠦᠯᠢᠭᠡᠷ ᠳᠠᠭᠤᠷᠢᠶᠠᠯ ᠪᠣᠯᠣᠨ᠎ᠠ᠃ ᠪᠷᠠᠽᠢᠯ ᠤᠨ ᠬᠢᠨ | ᠳᠤᠷᠠᠲᠠᠶ᠎ᠠ ᠲᠤᠰ ᠪᠡᠶ᠎ᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠵᠤ᠂ ᠬᠤᠶᠠᠷ | ᠤᠯᠤᠰ ᠤᠨ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠰᠠᠨᠰᠠᠷ ᠤᠨ ᠠᠶᠠᠯᠠᠯ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠨ᠎ᠡ᠃ ᠵᠠᠯᠠᠭᠤᠴᠤᠳ ᠤᠨ ᠰᠣᠯᠢᠯᠴᠠᠭ᠎ᠠ᠂ ᠰᠣᠶᠣᠯ ᠤᠨ ᠰᠣᠯᠢᠯᠴᠠᠭ᠎ᠠ ᠶᠢ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠤ ᠶᠠᠪᠤᠯᠴᠠᠭ᠎ᠠ ᠪᠠ | ᠨᠥᠭᠦᠷᠰᠡᠭ ᠰᠡᠳᠬᠢᠯᠭᠡ ᠶᠢ ᠨᠡᠮᠡᠭᠳᠡᠭᠦᠯᠦᠨ᠎ᠡ᠃ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠠᠮᠵᠢᠯᠲᠠ ᠪᠦᠲᠦᠮᠵᠢ ᠬᠥᠮᠥᠰ ᠢ ᠪᠢᠰᠢᠷᠡᠭᠦᠯᠪᠡ᠂ | ᠪᠷᠠᠽᠢᠯ ᠳᠤᠷᠠᠲᠠᠶ᠎ᠠ ᠳᠤᠮᠳᠠᠳᠤ ᠤᠯᠤᠰ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠨᠡᠩ ᠤᠯᠠᠨ ᠬᠥᠮᠥᠨ ᠢ ᠶᠠᠳᠠᠭᠤ ᠬᠦᠴᠢᠷᠳᠡᠯ ᠪᠠ ᠥᠯᠥᠰᠬᠦᠯᠡᠩ ᠠᠴᠠ | ᠠᠩᠭᠢᠵᠢᠷᠠᠭᠤᠯᠤᠨ᠎ᠠ᠃ ᠣᠳᠣᠬᠠᠨ ᠤ ᠪᠠᠶᠢᠳᠠᠯ ᠳᠣᠣᠷ᠎ᠠ ᠤᠯᠠᠨ ᠲᠠᠯᠠᠲᠤ ᠦᠵᠡᠯ ᠢ ᠡᠷᠡᠰ ᠬᠠᠮᠠᠭᠠᠯᠠᠬᠤ ᠨᠢ ᠲᠤᠶᠢᠯ ᠤᠨ ᠴᠢᠬᠤᠯᠠ ᠶᠤᠮ᠂ ᠬᠠᠮᠠᠭᠠᠯᠠᠬᠤ ᠦᠵᠡᠯ᠂ | ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ ᠨᠢ ᠬᠥᠭᠵᠢᠯ ᠴᠡᠴᠡᠭᠯᠡᠯ ᠢ ᠠᠪᠴᠢᠷᠠᠵᠤ ᠴᠢᠳᠠᠬᠤ ᠦᠭᠡᠢ᠂ ᠵᠥᠪᠭᠡᠨ ᠰᠠᠮᠠᠭᠤᠷᠠᠯ ᠢ ᠪᠤᠢ ᠪᠣᠯᠭᠠᠨ᠎ᠠ᠃ | ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠥᠷᠢᠰᠦᠯᠳᠦᠭᠡᠨ ᠢ ᠠᠷᠭᠠᠴᠠᠭᠠᠬᠤ ᠡᠷᠡᠰ ᠪᠠᠲᠤ ᠣᠪᠣᠷ ᠨᠢ ᠡᠯ᠎ᠡ ᠤᠯᠤᠰ ᠤᠨ ᠬᠦᠴᠦᠨ ᠴᠢᠳᠠᠯ ᠪᠠ ᠢᠲᠡᠭᠡᠯ | ᠵᠣᠷᠢᠭ ᠢ ᠬᠥᠪᠴᠢᠯᠡᠵᠦ ᠪᠠᠶᠢᠨ᠎ᠠ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠡᠷᠡᠭ ᠶᠠᠪᠤᠳᠠᠯ ᠳᠠᠬᠢ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ | ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠡᠩᠬᠡ ᠲᠠᠶᠢᠪᠤᠩ ᠢ ᠡᠷᠭᠢᠮᠯᠡᠭᠦ ᠳᠠᠪᠰᠢᠩᠭᠤᠢ | ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠪᠠ ᠪᠷᠠᠽᠢᠯ ᠬᠤᠶᠠᠷ ᠤᠯᠤᠰ ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ︽ᠡᠩᠬᠡ ᠲᠠᠶᠢᠪᠤᠩ ᠤᠨ | ᠨᠠᠶᠢᠵᠠ︾ ᠶᠢᠨ ᠳᠤᠭᠤᠶᠢᠯᠠᠩ ᠤᠨ ᠦᠢᠯᠡᠳᠦᠯ ᠢᠶᠠᠨ ᠪᠠᠳᠠᠷᠠᠭᠤᠯᠵᠤ᠂ ᠣᠷᠣᠰ ᠪᠣᠯᠣᠨ ᠦᠺᠷᠠᠶᠢᠨ ᠤ ᠰᠢᠭᠤᠳ ᠶᠠᠷᠢᠯᠴᠠᠭ᠎ᠠ ᠬᠢᠬᠦ ᠶᠢ ᠳᠡᠮᠵᠢᠵᠤ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠢᠮᠤᠷᠠᠯ ᠢ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠤᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠮᠥᠩᠭᠦᠨ ᠭᠦᠢᠯᠭᠡᠭᠡᠨ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠵᠠᠭᠤᠴᠢᠯᠠᠭᠤᠷ | ᠵᠡᠷᠭᠡ ᠬᠦᠷᠢᠶᠡᠨ ᠤ 20 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | ᠬᠤᠶᠠᠷ ᠲᠠᠯ᠎ᠠ ᠪᠠᠷ ᠢᠶᠠᠨ ︽ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠢ ᠭᠠᠷ ᠬᠤᠯᠪᠣᠨ ᠪᠠᠶᠢᠭᠤᠯᠬᠤ | ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠴᠢᠩᠭᠠᠳᠬᠠᠵᠤ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠬᠤ ᠲᠤᠬᠠᠢ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠪᠣᠯᠣᠨ | ︽ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠪᠷᠠᠽᠢᠯ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ | ᠭᠠᠳᠠᠨᠠᠬᠢ ᠠᠭᠤᠳᠠᠮ ᠲᠠᠯᠠᠪᠠᠢ ᠳᠤ ᠯᠦᠯᠠ ᠪᠣᠯᠣᠨ ᠲᠡᠭᠦᠨ ᠤ ᠬᠠᠳᠤᠨ ᠯᠦᠸᠧᠰᠠᠩᠷᠧᠯᠠ ᠶᠢ ᠤᠭᠲᠤᠬᠤ ᠶᠣᠰᠣᠯᠠᠯ ᠶᠠᠪᠤᠭᠤᠯᠪᠠ᠃ | ᠯᠦᠯᠠ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠶᠣᠰᠣᠯᠠᠪᠠ᠃ ᠰᠢ ᠶᠢᠨ ᠫᠢᠩ ᠪᠣᠯᠣᠨ ᠯᠦᠯᠠ ᠰᠢᠯᠭᠠᠨ ᠦᠵᠡᠬᠦ ᠲᠠᠶᠢᠰᠠᠨ ᠳᠤ ᠭᠠᠷᠴᠤ᠂ | ᠴᠡᠷᠢᠭ ᠤᠨ ᠬᠥᠭᠵᠢᠮ ᠤᠨ ᠠᠩᠭᠢ ᠳᠤᠮᠳᠠᠳᠤ ᠪᠷᠠᠽᠢᠯ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ | ᠶᠣᠰᠣᠯᠠᠯ ᠤᠨ ᠫᠤᠤ ᠶᠢ 21 ᠳᠤᠤᠭᠠᠷᠭᠠᠪᠠ᠃ ᠯᠦᠯᠠ ᠰᠢ ᠶᠢᠨ ᠫᠢᠩ ᠤᠨ ᠪᠡᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠯᠦᠯᠠ ᠪᠣᠯᠣᠨ ᠲᠡᠭᠦᠨ ᠤ ᠬᠠᠳᠦᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | | | | | | |