ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠪᠦᠬᠦ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠳᠡᠯᠡᠬᠡᠢ ᠶᠢᠨ ᠪᠥᠮᠪᠥᠷᠴᠡᠭ ᠤᠨ ᠰᠢᠨᠵᠢᠯᠡᠬᠦ ᠤᠬᠠᠭᠠᠨ ᠤ ᠣᠯᠢᠮᠫᠢᠺ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠨᠢᠭᠡ ᠠᠯᠲᠠᠨ ᠮᠧᠳᠠᠯ ᠬᠤᠶᠠᠷ ᠮᠥᠩᠭᠦᠨ ᠮᠧᠳᠠᠯ ᠲᠠᠪᠤᠨ ᠬᠦᠷᠡᠯ ᠮᠧᠳᠠᠯ ᠬᠦᠷᠲᠡᠵᠡᠢ
ᠨᠡᠶᠢᠲᠡᠯᠡᠭᠰᠡᠨ ᠴᠠᠭ᠄
2025/5/15
      ︵ᠰᠤᠷᠪᠤᠯᠵᠢᠯᠠᠭᠴᠢ ᠶᠠᠩ ᡁᠢ ᠸᠧᠢ  ᠳᠠᠳᠤᠯᠭ᠎ᠠ ᠶᠢᠨ ᠰᠤᠷᠪᠤᠯᠵᠢᠯᠠᠭᠴᠢ ᠷᠦᠸᠧ ᠭᠦ᠋︶ 5 ᠳ᠋ᠤᠭᠠᠷ ᠰᠠᠷ᠎ᠠ ᠶᠢᠨ 14 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠠᠴᠠ ᠤᠶᠢᠯᠠᠭᠠᠭᠰᠠᠨ ᠨᠢ᠂ 11 ᠤ ᠡᠳᠦᠷ ᠲᠡᠭᠦᠰᠦᠭᠰᠡᠨ 2025 ᠣᠨ ᠳᠤ ᠪᠦᠬᠦ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠳᠡᠯᠡᠬᠡᠢ ᠶᠢᠨ ᠪᠥᠮᠪᠥᠷᠴᠡᠭ ᠤᠨ ᠰᠢᠨᠵᠢᠯᠡᠬᠦ ᠤᠬᠠᠭᠠᠨ ᠤ ᠣᠯᠢᠮᠫᠢᠺ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ᠂ ᠲᠤᠰ ᠰᠤᠷᠭᠠᠭᠤᠯᠢ ᠶᠢᠨ ᠰᠤᠷᠤᠭᠴᠢ ᠼᠤᠤ ᠵᠢᠶᠠ ᠮᠢᠩ᠂ ᠬᠤ᠋ ᠹᠠᠨ ᠢ ᠰᠢᠤᠸᠠᠨ᠂ ᠾᠧᠦ ᠵᠢᠶᠠ ᠷᠠᠨ᠂ ᠸᠧᠨ ᠵᠢᠶᠠ ᠾᠧ᠂ ᠰᠥᠩ ᠴᠧᠨ ᠰᠢ᠂ ᠸᠠᠩ ᠢ ᠨᠢᠩ᠂ ᠶᠢᠨ ᠬᠤᠣ ᠷᠠᠨ ᠪᠣᠯᠤᠨ ᠡᠦ ᠴᠢᠤᠸᠠᠨ ᠯᠢᠨ ᠨᠠᠷ 500 ᠭᠠᠷᠤᠢ ᠰᠢᠢᠳᠪᠦᠷᠢᠲᠦ ᠤᠷᠤᠯᠳᠤᠭᠠᠨ ᠤ ᠤᠷᠤᠯᠴᠠᠭᠰᠠᠳ ᠤᠨ ᠳᠤᠮᠳᠠ ᠠᠴᠠ ᠴᠣᠯᠭᠤᠷᠠᠨ᠂ ᠨᠢᠭᠡ ᠠᠯᠲᠠᠨ ᠮᠧᠳᠠᠯ ᠬᠤᠶᠠᠷ ᠮᠥᠩᠭᠦᠨ ᠮᠧᠳᠠᠯ ᠲᠠᠪᠤᠨ ᠬᠦᠷᠡᠯ ᠮᠧᠳᠠᠯ ᠬᠦᠷᠲᠡᠭᠰᠡᠨ ᠰᠢᠯᠢᠳᠡᠭ ᠬᠢᠷᠢ ᠪᠦᠲᠦᠮᠵᠢ ᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ