ᠰᠢ ᠶᠢᠨ ᠫᠢᠩ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/15
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ  5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ᠃ 
tt051501.jpg
 5 ᠰᠠᠷ᠎ᠠ ᠶᠢᠨ 14 ᠤ  ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠯᠢ ᠰᠢᠶᠠᠩ  ᠰᠡᠭᠦᠳᠡᠷᠯᠡᠪᠡ︶      ᠰᠢ ᠶᠢᠨ ᠫᠢᠩ᠂ ᠡᠨᠡ ᠵᠢᠯ ᠪᠣᠯ ᠳᠤᠮᠳᠠᠳᠤ ᠴᠢᠯᠢ ᠶᠢᠨ ᠬᠠᠷᠢᠯᠴᠠᠭ᠎ᠠ ᠪᠠᠶᠢᠭᠤᠯᠤᠭᠰᠠᠨ 55 ᠵᠢᠯ ᠤᠨ ᠤᠢ ᠪᠣᠯᠣᠨ᠎ᠠ᠃ 55 ᠵᠢᠯ ᠤᠨ ᠡᠮᠦᠨ᠎ᠡ᠂ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠦᠢᠲᠡᠨ ᠲᠠᠶᠢᠨ ᠤ ᠤᠨᠢᠶᠠᠷ ᠬᠦᠳᠡᠩ ᠢ ᠰᠢᠪᠲᠤᠯᠤᠨ᠂ ᠰᠢᠨ᠎ᠡ ᠳᠤᠮᠳᠠᠳᠤ ᠤᠯᠤᠰ ᠪᠣᠯᠣᠨ ᠡᠮᠦᠨᠡᠲᠦ ᠠᠮᠧᠷᠢᠺᠠ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠶᠢᠭᠤᠯᠤᠭᠰᠠᠨ ᠠᠩᠬᠠᠨ ᠤ ᠵᠠᠮ ᠢ ᠨᠡᠭᠡᠭᠡᠵᠡᠢ᠃ ᠬᠠᠭᠠᠰ ᠵᠠᠭᠤᠨ ᠭᠠᠷᠤᠢ ᠶᠢᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠴᠢᠯᠢ ᠶᠢᠨ ᠬᠠᠷᠢᠯᠴᠠᠭ᠎ᠠ ᠶᠢᠨ ᠡᠨᠡ ᠬᠦ ᠬᠥᠯᠭᠡ ᠣᠩᠭᠤᠴᠠ ᠢᠮᠠᠭᠲᠠ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠤᠯᠤᠰ ᠤᠳ ᠤᠨ ᠬᠠᠷᠢᠯᠴᠠᠭ᠎ᠠ ᠶᠢᠨ ᠬᠥᠭᠵᠢᠯᠲᠡ ᠶᠢᠨ ᠤᠷᠤᠰᠬᠠᠯ ᠢ ᠬᠥᠲᠥᠯᠥᠨ ᠳᠠᠭᠠᠭᠤᠯᠪᠠ᠃ ᠳᠤᠮᠳᠠᠳᠤ ᠤᠯᠤᠰ ᠪᠣᠯᠣᠨ ᠴᠢᠯᠢ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠬᠥᠭᠵᠢᠯᠲᠡ ᠶᠢᠨ ᠬᠡᠪ ᠳᠠᠭᠤᠷᠢᠶᠠᠯ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ ᠲᠠᠪᠰᠢᠯᠳᠠ ᠶᠢᠨ ᠦᠢᠯᠡᠰ ᠢ ᠬᠠᠮᠲᠤ ᠪᠠᠷ ᠠᠬᠢᠭᠤᠯᠤᠶ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠴᠢᠯᠢ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠪᠠᠲᠤᠳᠬᠠᠵᠤ᠂ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ᠂ ᠲᠤᠰ ᠲᠤᠰ ᠤᠨ ᠢᠶᠠᠨ ᠡᠵᠡᠨ ᠮᠡᠳᠡᠬᠦ ᠡᠷᠬᠡ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ᠂ ᠠᠵᠤ ᠦᠢᠯᠡᠰ ᠤᠨ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠳᠤᠨ ᠣᠷᠣᠨ᠂ ᠲᠤᠶᠢᠯ ᠤᠨ ᠣᠷᠣᠨ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠶ᠎ᠠ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠴᠢᠯᠢ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ ᠶᠢ ᠳᠡᠮᠵᠢᠨ᠎ᠠ᠂ ᠴᠢᠯᠢ ᠶᠢᠨ ᠨᠡᠩ ᠤᠯᠠᠨ ᠴᠢᠨᠠᠷ ᠰᠠᠶᠢᠲᠠᠢ ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠪᠠᠨ ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠠᠭᠤᠴᠢᠯᠠᠭᠤᠷ᠂ ᠵᠠᠯᠠᠭᠤᠴᠤᠳ ᠵᠡᠷᠭᠡ ᠶᠢᠨ ᠰᠣᠯᠢᠯᠴᠠᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠠᠯᠤᠰ ᠭᠡᠳᠤ ᠶᠢᠨ ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠲᠠᠯᠪᠢᠵᠤ ᠥᠭᠭᠦᠶ᠎ᠡ᠃ ᠣᠳᠣᠬᠠᠨ ᠳᠤ᠂ ᠳᠡᠯᠡᠬᠡᠢ ᠶᠢᠨ ᠪᠠᠶᠢᠳᠠᠯ ᠬᠤᠪᠢᠷᠠᠯᠲᠠ ᠬᠥᠷᠪᠡᠭᠡᠨ ᠰᠣᠯᠪᠢᠴᠠᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠭᠠᠷᠴᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠳᠤ ᠬᠦᠨᠳᠦ ᠨᠣᠴᠢᠲᠠᠢ ᠳᠠᠭᠠᠷᠢᠯᠲᠠ ᠤᠴᠠᠷᠠᠭᠤᠯᠵᠤ ᠪᠠᠶᠢᠨ᠎ᠠ᠃ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶᠠᠨ ᠤ ᠡᠷᠡᠰ ᠪᠠᠲᠤ ᠬᠠᠮᠠᠭᠠᠯᠠᠭᠴᠢ ᠪᠣᠯᠤᠭᠰᠠᠨ ᠤ ᠬᠤᠪᠢ ᠳᠤ  ᠳᠤᠮᠳᠠᠳᠤ ᠴᠢᠯᠢ ᠤᠯᠠᠨ ᠲᠠᠯᠠᠲᠤ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃      ᠪᠦᠸᠧᠯᠢᠴᠢ᠂ ᠴᠢᠯᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠳᠤᠮᠳᠠᠳᠤ ᠤᠯᠤᠰ ᠨᠢᠭᠡᠨᠲᠡ ᠴᠢᠯᠢ ᠶᠢᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠡᠢ᠃ ᠴᠢᠯᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ ᠠᠷᠠᠯᠵᠢᠶ᠎ᠠ᠂ ᠪᠡᠯᠡ ᠣᠷᠣᠭᠤᠯᠤᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠴᠢᠯᠢ ᠳᠤᠮᠳᠠᠳᠤ ᠶᠢᠨ ᠬᠠᠷᠢᠯᠴᠠᠭ᠎ᠠ ᠶᠢᠨ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠤᠯᠤᠰ ᠴᠢᠯᠦᠭᠡᠲᠦ ᠠᠷᠠᠯᠵᠢᠶ᠎ᠠ ᠪᠣᠯᠣᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠪᠠᠯ ᠵᠣᠬᠢᠨ᠎ᠠ᠂ ᠠᠷᠠᠯᠵᠢᠶ᠎ᠠ ᠨᠢ ᠵᠥᠪᠭᠡᠨ ᠨᠢᠭᠡ ᠤᠯᠤᠰ ᠤᠨ ᠬᠤᠪᠢ ᠶᠢᠨ ᠠᠰᠢᠭ ᠲᠤᠰᠠ ᠳᠤ ᠦᠢᠯᠡᠴᠢᠯᠡᠵᠦ ᠪᠤᠯᠬᠤ ᠦᠭᠡᠢ᠂ ᠠᠷᠠᠯᠵᠢᠶᠠᠨ ᠤ ᠳᠠᠶᠢᠨ ᠡᠭᠦᠰᠬᠡᠪᠡᠯ ᠭᠠᠷᠬᠤ ᠵᠠᠮ ᠦᠭᠡᠢ ᠶᠤᠮ᠃ ᠴᠢᠯᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠤᠯᠠᠨ ᠲᠠᠯᠠᠲᠤ ᠦᠵᠡᠯ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠶᠠᠷᠢᠯᠴᠠᠭ᠎ᠠ ᠪᠠᠷ ᠳᠠᠮᠵᠢᠨ ᠵᠥᠷᠢᠯᠳᠦᠭᠡᠨ ᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃      ᠪᠦᠸᠧᠯᠢᠴᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠠᠵᠤ ᠠᠬᠤᠢ᠂ ᠬᠡᠪᠯᠡᠯ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠵᠠᠭᠤᠴᠢᠯᠠᠭᠤᠷ ᠤᠨ ᠤᠶᠤᠨ ᠤ ᠬᠥᠮᠥᠷᠭᠡ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ