︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 15 ᠤ ᠡᠳᠦᠷ᠂ ᠤᠯᠠᠨ ᠤᠯᠤᠰ ᠤᠨ ᠮᠦᠽᠧᠢ ᠶᠢᠨ ᠡᠳᠦᠷ ᠬᠦᠷᠴᠦ ᠢᠷᠡᠬᠦ ᠠᠴᠠ ᠡᠮᠦᠨ᠎ᠡ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠦᠬᠦ ᠬᠤᠳᠠ ᠶᠢᠨ ᠰᠣᠶᠣᠯ ᠦᠵᠡᠰᠬᠦᠯᠡᠩ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ | ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠵᠤ᠂ ︽ᠮᠦᠽᠧᠢ ᠶᠢᠨ ᠬᠤᠳᠠ︾ ᠶᠢ ᠪᠠᠶᠢᠭᠤᠯᠬᠤ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠪᠠ᠃ | | ᠬᠤᠷᠠᠯ ᠳᠡᠭᠡᠷ᠎ᠡ᠂ ᠰᠣᠶᠣᠯ ᠤᠨ ᠦᠵᠡᠰᠬᠦᠯᠡᠩ ᠤᠨ ᠲᠠᠯᠠᠪᠤᠷ ᠤᠷᠳᠤᠨ ᠤ ᠬᠠᠷᠢᠭᠤᠴᠠᠯᠭᠠᠲᠠᠨ᠂ ᠰᠣᠶᠣᠯ ᠤᠨ ᠦᠵᠡᠰᠬᠦᠯᠡᠩ ᠤᠨ ᠠᠵᠢᠯᠲᠠᠨ᠂ ᠵᠠᠭᠤᠴᠢᠯᠠᠭᠤᠷ ᠤᠨ | ᠠᠵᠢᠯᠲᠠᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠪᠠ ᠵᠢᠭᠤᠯᠴᠢᠯᠠᠯ ᠤᠨ ᠬᠥᠲᠥᠴᠢ ᠵᠡᠷᠭᠡ 11 ᠲᠥᠯᠥᠭᠡᠯᠡᠭᠴᠢ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠣᠷᠣᠨ ᠤ ᠲᠥᠪ ᠬᠤᠲᠠ ᠶᠢᠨ ᠰᠣᠶᠣᠯ ᠤᠨ ᠦᠵᠡᠰᠬᠦᠯᠡᠩ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ | ᠠᠷᠭ᠎ᠠ ᠤᠬᠠᠭᠠᠨ ᠢᠶᠠᠨ ᠬᠤᠪᠢᠶᠠᠯᠴᠠᠪᠠ᠃ | ᠪᠣᠣ ᠭᠠᠩ ᠬᠡᠯᠡᠬᠦ ᠳᠡᠭᠡᠨ᠂ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠬᠤᠳᠠ ᠶᠢᠨ ᠨᠠᠮ ᠤᠨ ᠬᠤᠷᠢᠶ᠎ᠠ | ᠬᠤᠲᠠ ᠶᠢᠨ ᠵᠠᠰᠠᠭ ᠤᠨ ᠣᠷᠳᠣᠨ᠂ ᠠᠵᠢᠯ ᠲᠦᠷᠦᠯ ᠤᠨ ᠬᠢᠨ ᠬᠠᠮᠲᠤ ᠪᠠᠷ ᠠᠬᠢᠭᠤᠯᠬᠤ ᠴᠢᠬᠤᠯᠠᠲᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢᠨ ᠵᠥᠪ ᠴᠢᠭᠯᠡᠯ ᠢ ᠦᠨᠡᠨ ᠬᠦ ᠪᠠᠲᠤ ᠡᠵᠡᠮᠳᠡᠬᠦ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠬᠦᠦᠷᠨᠢᠯ | ᠨᠢᠭᠡᠪᠦᠷᠢ ᠶᠢ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠷᠢᠰᠢᠯ ᠤᠨ ᠰᠢᠰᠲ᠋ᠧᠮ ᠳᠤ ᠠᠭᠤᠰᠬᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠭ᠎ᠠ ᠶᠢᠨ ᠲᠡᠦᠬᠡ ᠶᠢ ᠰᠠᠶᠢᠲᠤᠷ ᠶᠠᠷᠢᠬᠤ ᠬᠡᠷᠡᠭᠲᠡᠢ᠃ ᠤᠯᠤᠰ ᠤᠨ ᠥᠮᠴᠢᠯᠡᠯ ᠤᠨ ᠮᠦᠽᠧᠢ ᠪᠠᠷ ᠭᠤᠣᠯ ᠴᠣᠭᠴᠠ ᠪᠣᠯᠭᠠᠭᠰᠠᠨ᠂ ᠠᠵᠢᠯ ᠲᠦᠷᠦᠯ᠂ | ᠠᠷᠠᠳ ᠠᠴᠠ ᠡᠷᠬᠢᠯᠡᠭᠰᠡᠨ ᠮᠦᠽᠧᠢ ᠪᠠᠷ ᠨᠥᠬᠦᠪᠥᠷᠢ ᠪᠣᠯᠭᠠᠭᠰᠠᠨ᠂ ᠲᠦᠰᠦᠷᠬᠡᠦ ᠮᠦᠽᠧᠢ ᠶᠢ ᠪᠦᠬᠦ ᠲᠠᠯ᠎ᠠ ᠪᠠᠷ ᠬᠥᠭᠵᠢᠭᠦᠯᠦᠭᠰᠡᠨ ᠰᠣᠶᠣᠯ ᠦᠵᠡᠰᠬᠦᠯᠡᠩ ᠤᠨ ᠪᠠᠶᠢᠷᠢᠰᠢᠯ ᠢ | ᠯᠠᠪᠳᠠᠭᠤᠨ ᠪᠠᠲᠤᠲᠠᠢ ᠪᠠᠶᠢᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠭᠤᠴᠢ ᠰᠤᠳᠤᠯᠤᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳ᠋ᠠ ᠶᠣᠣ᠂ ᠰᠢᠷᠤᠢ ᠶᠢᠨ ᠬᠤᠲᠠ ᠵᠡᠷᠭᠡ ᠪᠠᠭᠤᠷᠢ ᠶᠢᠨ ᠬᠠᠭᠤᠴᠢ ᠰᠤᠳᠤᠯᠤᠯ | ᠠᠭᠤᠳᠠᠯᠤᠯᠲᠠ ᠪᠠ ᠪᠠᠭᠤᠷᠢ ᠶᠢᠨ ᠴᠡᠴᠡᠷᠯᠢᠭ ᠢ ᠢᠳᠡᠪᠬᠢᠲᠡᠢ ᠭᠤᠶᠤᠴᠢᠯᠠᠨ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠤᠳᠤᠯᠤᠨ ᠤᠬᠠᠭᠤᠯᠵᠤ ᠲᠣᠳᠣᠷᠬᠠᠶᠢᠯᠠᠨ | ᠲᠠᠶᠢᠯᠪᠤᠷᠢᠯᠠᠬᠤ ᠶᠢ ᠴᠢᠩᠭᠠᠳᠬᠠᠵᠤ᠂ ᠰᠣᠶᠣᠯ ᠤᠨ ᠥᠪ ᠢ ︽ᠠᠮᠢᠯᠠᠭᠤᠯᠵᠤ︾᠂ ︽ᠬᠥᠭᠵᠢᠶᠡᠨᠲᠡᠢ ᠪᠣᠯᠭᠠᠬᠤ︾ ᠬᠡᠷᠡᠭᠲᠡᠢ᠃ ᠳᠡᠯᠭᠡᠨ ᠦᠵᠡᠭᠦᠯᠬᠦ ᠬᠡᠯᠪᠡᠷᠢ ᠶᠢᠨ ᠲᠠᠯ᠎ᠠ ᠪᠠᠷ | ᠵᠣᠷᠢᠭᠲᠠᠶ ᠪᠠᠷ ᠰᠢᠨ᠎ᠡ ᠶᠢ ᠡᠭᠦᠳᠴᠦ᠂ ᠤᠯᠤᠰ ᠤᠨ ᠳᠣᠲᠣᠭᠠᠳᠤ ᠶᠢᠨ ᠪᠠ ᠳᠡᠯᠡᠬᠡᠢ ᠶᠢᠨ ᠨᠠᠷᠠᠲᠤ ᠮᠦᠽᠧᠶ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ | ᠰᠥᠨᠢ ᠶᠢᠨ ᠵᠢᠭᠤᠯᠴᠢᠯᠠᠯ᠂ ᠪᠡᠶᠡᠴᠢᠯᠡᠨ ᠤᠶᠢᠯᠠᠭᠠᠬᠤ ᠪᠣᠳᠠᠲᠤ ᠦᠵᠡᠭᠳᠡᠯᠲᠦ ᠵᠦᠴᠦᠭᠡ ᠶᠢᠨ ᠵᠢᠭᠤᠯᠴᠢᠯᠠᠯ ᠵᠡᠷᠭᠡ ᠳᠡᠯᠭᠡᠨ ᠦᠵᠡᠭᠦᠯᠬᠦ ᠬᠡᠯᠪᠡᠷᠢ ᠶᠢ ᠢᠳᠡᠪᠬᠢᠲᠡᠶ ᠬᠠᠶᠢᠨ | ᠰᠦᠪᠡᠭᠴᠢᠯᠡᠵᠦ᠂ ᠲᠣᠭᠠᠴᠢᠯᠠᠭᠰᠠᠨ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠴᠢᠩᠭᠠᠳᠬᠠᠨ᠂ ᠵᠢᠭᠤᠯᠴᠢᠯᠠᠭᠰᠠᠳ ᠲᠤ ᠲᠡᠦᠬᠡ ᠶᠢ ᠨᠠᠩ ᠰᠠᠶᠢᠨ ᠤᠶᠢᠯᠠᠭᠠᠭᠤᠯᠬᠤ ᠬᠡᠷᠡᠭᠲᠡᠶ᠃ | ᠰᠣᠶᠣᠯ ᠦᠵᠡᠰᠬᠦᠯᠡᠩ ᠤᠨ ᠲᠠᠯᠠᠪᠤᠷ ᠣᠷᠳᠣᠨ ᠤ ᠪᠠᠶᠢᠭᠤᠯᠤᠯ ᠲᠣᠭᠲᠠᠴᠠ ᠳᠤ ᠥᠭᠡᠷᠡᠴᠢᠯᠡᠯᠲᠡ ᠬᠢᠵᠦ᠂ ︽ᠨᠢᠭᠡ ᠬᠦᠷᠢᠶᠡᠯᠡᠩ ᠵᠢᠷᠭᠤᠭᠠᠨ ᠣᠷᠳᠣᠨ︾ ᠤ ᠳᠣᠲᠣᠭᠠᠳᠤ ᠶᠢᠨ | ᠡᠬᠢ ᠪᠠᠶᠠᠯᠢᠭ ᠢ ᠨᠡᠶᠢᠳᠭᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠪᠤᠰᠤ ᠮᠦᠽᠧᠶ᠂ ᠲᠦᠰᠦᠷᠬᠡᠦ ᠮᠦᠽᠧᠶ ᠶᠢ ᠵᠢᠷᠤᠮᠵᠢᠭᠤᠯᠬᠤ | ᠪᠠ ᠲᠡᠳᠬᠦᠨ ᠳᠡᠮᠵᠢᠬᠦ ᠶᠢ ᠵᠡᠷᠭᠡ ᠪᠠᠷ ᠴᠢᠬᠤᠯᠠᠴᠢᠯᠠᠵᠤ᠂ ᠮᠦᠽᠧᠢ ᠶᠢᠨ ᠳᠠᠷᠤᠭ᠎ᠠ᠂ ᠰᠤᠳᠤᠯᠤᠭᠴᠢ᠂ ᠲᠠᠶᠢᠯᠪᠤᠷᠢᠯᠠᠭᠴᠢ ᠵᠡᠷᠭᠡ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠰᠣᠶᠣᠯ ᠦᠵᠡᠰᠬᠦᠯᠡᠩ ᠤᠨ ᠲᠠᠯᠠᠪᠤᠷ ᠤᠷᠳᠤᠨ ᠢ | ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠳᠤ ᠭᠦᠨᠵᠡᠭᠡᠢ ᠠᠭᠤᠰᠤᠯᠴᠠᠭᠤᠯᠵᠤ᠂ ᠬᠢᠯᠢ | ᠠᠯᠤᠰᠯᠠᠭᠰᠠᠨ ᠬᠠᠮᠲᠤᠷᠠᠯᠴᠠᠭ᠎ᠠ ᠪᠠ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠰᠠᠶᠢᠲᠤᠷ ᠬᠢᠵᠦ᠂ ᠤᠨᠴᠠᠯᠢᠬᠳᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ | ᠨᠢᠮᠪᠠᠢ ᠲᠥᠰᠦᠪᠯᠡᠵᠦ᠂ ᠣᠷᠣᠨ ᠤ ᠲᠥᠪ ᠬᠤᠲᠠ ᠶᠢᠨ ᠣᠨᠴᠠᠯᠢᠭ ᠲᠠᠢ ᠰᠣᠶᠣᠯ ᠤᠨ ᠨᠡᠷᠡᠲᠦ ᠲᠥᠷᠥᠯ ᠲᠡᠮᠳᠡᠭᠲᠦ ᠶᠢ ᠨᠡᠩ ᠰᠠᠶᠢᠨ ᠡᠭᠦᠳᠴᠦ᠂ ᠵᠠᠭᠤᠴᠢᠯᠠᠭᠤᠷ ᠵᠡᠷᠭᠡ | ᠤᠬᠠᠭᠤᠯᠭ᠎ᠠ ᠶᠢᠨ ᠡᠬᠢ ᠪᠠᠶᠠᠯᠢᠭ ᠢ ᠰᠠᠶᠢᠲᠤᠷ ᠠᠰᠢᠭᠯᠠᠨ ᠰᠣᠶᠣᠯ ᠵᠢᠭᠤᠯᠴᠢᠯᠠᠯ ᠤᠨ ᠬᠠᠯᠠᠮᠰᠢᠯ ᠢ ᠳᠡᠭᠡᠭᠰᠢᠯᠡᠭᠦᠯᠵᠦ᠂ ᠨᠡᠩ ᠤᠯᠠᠨ ᠵᠤᠭᠠᠴᠠᠭᠰᠠᠳ ᠲᠤ ᠲᠡᠦᠬᠡ ᠰᠣᠶᠣᠯ ᠤᠨ | ᠨᠡᠷᠡᠳᠦ ᠬᠤᠳᠠ ᠶᠢᠨ ᠷᠢᠳᠢ ᠰᠢᠳᠢ ᠪᠠ ᠠᠮᠢᠵᠢᠷᠠᠯ ᠤᠨ ᠬᠦᠴᠦᠨ ᠢ ᠮᠡᠳᠡᠷᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠡᠮᠦᠨ᠎ᠡ᠂ ᠪᠣᠣ ᠭᠠᠩ ᠳ᠋ᠠ ᠶᠣᠣ ᠶᠢᠨ ᠪᠠᠭᠤᠷᠢ ᠶᠢᠨ ᠴᠡᠴᠡᠷᠯᠢᠭ᠂ ᠬᠠᠭᠤᠴᠢ ᠰᠤᠳᠤᠯᠤᠯ ᠤᠨ ᠠᠵᠢᠯ ᠤᠨ ᠦᠷᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ᠂ ᠬᠥᠬᠡᠬᠤᠲᠠ ᠶᠢᠨ ᠮᠦᠽᠧᠢ ᠪᠣᠯᠤᠨ ᠬᠠᠭᠠᠨ ᠤ ᠣᠷᠳᠣᠨ ᠤ ᠮᠦᠽᠧᠢ ᠬᠠᠮᠲᠤᠷᠠᠭᠰᠠᠨ ᠴᠠᠭ ᠤᠨ ᠣᠨᠴᠠᠭᠠᠢ ᠦᠵᠡᠭᠦᠯᠦᠯᠭᠡ ᠶᠢᠨ ᠪᠡᠯᠡᠳᠬᠡᠯ ᠠᠵᠢᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠪᠠ᠃ | ᠬᠤᠲᠠ ᠶᠢᠨ ᠤᠳᠤᠷᠢᠳᠤᠯᠭ᠎ᠠ ᠸᠠᠩ ᠺᠦᠨ᠂ ᠼᠤᠤ ᡁᠢ᠂ ᠯᠢ ᠰᠢᠶᠣᠣ ᠶᠠᠨ᠂ ᠸᠠᠩ ᠢᠦᠶ ᠲᠢᠶᠠᠨ ᠪᠠᠶᠢᠴᠠᠭᠠᠨ ᠰᠤᠳᠤᠯᠤᠯᠲᠠ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃ | | |