ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠭᠤᠤᠯᠳᠠᠯᠭ᠎ᠠ ᠲᠠᠢ ᠬᠠᠷᠢᠯᠴᠠᠬᠤ ᠠᠵᠤ ᠦᠢᠯᠡᠰ ᠤᠨ ᠬᠦᠷᠢᠶᠡᠯᠡᠩ ᠪᠤᠯᠵᠠᠢ
ᠨᠡᠶᠢᠲᠡᠯᠡᠭᠰᠡᠨ ᠴᠠᠭ᠄
2025/5/16
       ︵ᠳᠠᠳᠤᠯᠭ᠎ᠠ ᠶᠢᠨ ᠰᠤᠷᠪᠤᠯᠵᠢᠯᠠᠭᠴᠢ ᠵᠤᠤ ᠢᠤᠢ ᠰᠢᠨ︶ ᠦᠢᠷ᠎ᠠ ᠳᠤ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠨᠢ ᠨᠢᠭᠡᠨᠲᠡ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠭᠤᠣᠯᠳᠠᠯᠭ᠎ᠠ ᠲᠠᠢ ᠬᠠᠷᠢᠯᠴᠠᠬᠤ ᠠᠵᠤ ᠦᠢᠯᠡᠰ ᠤᠨ ᠬᠦᠷᠢᠶᠡᠯᠡᠩ ᠪᠤᠯᠵᠤ᠂ ᠪᠦᠬᠦ ᠤᠯᠤᠰ ᠤᠨ ᠲᠤᠰ ᠢᠷᠠᠭᠤ ᠠᠯᠳᠠᠷ ᠢ ᠬᠦᠷᠲᠡᠭᠰᠡᠨ 29 ᠠᠵᠤ ᠦᠢᠯᠡᠰ ᠤᠨ ᠬᠦᠷᠢᠶᠡᠯᠡᠩ ᠤᠨ ᠨᠢᠭᠡ ᠪᠣᠯᠤᠨ᠎ᠠ᠂ ᠮᠥᠨ ᠴᠦ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠣᠩᠭᠤᠭᠳᠠᠭᠰᠠᠨ ᠠᠵᠤ ᠦᠢᠯᠡᠰ ᠤᠨ ᠬᠦᠷᠢᠶᠡᠯᠡᠩ ᠪᠠᠶᠢᠵᠤ᠂ ᠢᠷᠡᠭᠡᠳᠦᠢ ᠳᠤ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠴᠢᠳᠠᠪᠤᠷᠢᠲᠠᠨ᠂ ᠮᠡᠳᠡᠭᠡ ᠵᠠᠩᠭᠢ᠂ ᠨᠡᠷᠡᠲᠦ ᠲᠡᠮᠳᠡᠭ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠳᠡᠮᠵᠢᠯᠭᠡ ᠣᠯᠬᠤ ᠪᠣᠯᠤᠨ᠎ᠠ᠃      ᠣᠶᠢᠯᠠᠭᠠᠭᠰᠠᠨ ᠢᠶᠠᠷ᠂ ︽ᠨᠢᠭᠡ ᠬᠦᠷᠢᠶᠡᠯᠡᠩ ᠭᠤᠷᠪᠠᠨ ᠲᠣᠭᠤᠷᠢᠭ︾ ᠤᠨ ᠵᠠᠭᠪᠤᠷ ᠶᠣᠰᠣᠭᠠᠷ᠂ ᠣᠷᠣᠨ ᠤ ᠲᠥᠪ ᠬᠤᠲᠠ ᠨᠢ ᠵᠦᠷᠢᠶᠡᠴᠢᠯᠡᠭᠰᠡᠨ᠂ ᠲᠤᠰᠬᠠᠶᠢᠵᠢᠭᠰᠠᠨ ᠬᠥᠭᠵᠢᠯᠲᠡ ᠶᠢᠨ ᠴᠢᠭᠯᠡᠯ ᠢᠶᠠᠷ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠵᠢᠨᠴᠤᠸᠠᠨ ᠤ ᠭᠤᠤᠯ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠡᠭᠦᠯᠡᠨ ᠬᠦᠨᠳᠡᠢ ᠲᠣᠭᠠᠴᠢᠯᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ᠂ ᠰᠠᠶᠢᠬᠠᠨ ᠲᠣᠭᠤᠷᠢᠭ ᠤᠨ ᠥᠪᠥᠷ ᠮᠣᠩᠭᠤᠯ ᠤᠨ ᠤᠮᠠᠷᠠᠲᠤ ᠶᠢᠨ ᠴᠢᠳᠠᠪᠤᠷᠢᠲᠠᠨ ᠤ ᠤᠷ᠎ᠠ ᠴᠢᠳᠠᠪᠤᠷᠢ ᠶᠢᠨ ᠦᠨᠡᠯᠡᠯᠲᠡ ᠬᠢᠭᠡᠳ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠮᠵᠢᠯᠴᠠᠨ ᠬᠥᠭᠵᠢᠭᠰᠡᠨ ︽ᠰᠢᠵᠢᠷ ᠠᠯᠲᠠᠨ ᠭᠤᠷᠪᠠᠯᠵᠢᠨ ᠬᠤᠶᠢᠭ︾ ᠢ ᠪᠣᠶ ᠪᠣᠯᠭᠠᠪᠠ᠃ ᠭᠤᠷᠪᠠᠨ ᠲᠣᠭᠤᠷᠢᠭ ᠬᠤᠯᠪᠣᠭᠠᠯᠠᠨ ᠬᠥᠳᠡᠯᠦᠯᠴᠡᠵᠦ᠂ ᠤᠯᠠᠨ ᠨᠡᠶᠢᠲᠡ ᠶᠢᠨ ᠪᠠ ᠵᠠᠬ᠎ᠠ ᠳᠡᠯᠭᠡᠭᠦᠷᠴᠢᠯᠡᠭᠰᠡᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠰᠢᠯᠭᠠᠨ ᠦᠨᠡᠯᠡᠯᠲᠡ᠂ ᠤᠷ᠎ᠠ ᠴᠢᠳᠠᠪᠤᠷᠢᠲᠤ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠶᠢ ᠬᠠᠮᠤᠷᠤᠭᠰᠠᠨ ᠡᠭᠦᠷᠭᠡ ᠴᠢᠳᠠᠪᠤᠷᠢ ᠶᠢ ᠨᠢᠭᠡ ᠴᠤᠭᠴᠠᠵᠢᠭᠤᠯᠤᠭᠰᠠᠨ ᠣᠷᠣᠨ ᠤ ᠲᠥᠪ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠥᠨᠳᠦᠷᠯᠢᠭ ᠭᠠᠵᠠᠷ ᠢ ᠪᠣᠶ ᠪᠤᠯᠭᠠᠵᠠᠢ᠃ ᠣᠳᠣᠬᠠᠨ ᠳᠤ ᠨᠢᠭᠡᠨᠲᠡ ᠵᠦᠩ ᡁᠢ᠂ ᠶᠦᠨ ᠱᠧᠩ᠂ ᠷᠦᠢ ᠱᠢ ᠹᠠᠩ ᠳ᠋ᠠ ᠵᠡᠷᠭᠡ 133 ᠠᠵᠤ ᠠᠬᠤᠶᠢᠯᠠᠯ ᠢ ᠴᠤᠭᠯᠠᠭᠤᠯᠪᠠ᠃      ᠢᠷᠡᠭᠡᠳᠦᠢ ᠳᠤ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠨᠢ ᠠᠵᠤ ᠦᠢᠯᠡᠰ ᠢ ᠬᠥᠲᠥᠯᠥᠨ ᠵᠢᠯᠤᠭᠤᠳᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠪᠠ ᠵᠠᠬ᠎ᠠ ᠳᠡᠯᠭᠡᠭᠦᠷ ᠢ ᠠᠬᠢᠭᠤᠯᠬᠤ ᠪᠠᠷ ᠭᠠᠷᠳᠠᠴᠠ ᠪᠣᠯᠭᠠᠵᠤ᠂ ᠪᠥᠬᠦ ᠤᠯᠤᠰ ᠤᠨ ᠪᠤᠰᠤᠳ ᠭᠤᠣᠯᠳᠠᠯᠭ᠎ᠠ ᠲᠠᠢ ᠬᠠᠷᠢᠯᠴᠠᠬᠤ ᠠᠵᠤ ᠦᠢᠯᠡᠰ ᠤᠨ ᠬᠦᠷᠢᠶᠡᠯᠡᠩ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠲᠤᠰᠬᠠᠶᠢᠵᠢᠭᠰᠠᠨ᠂ ᠲᠣᠭᠠᠴᠢᠯᠠᠭᠰᠠᠨ᠂ ᠳᠡᠯᠡᠬᠡᠶᠢᠵᠢᠭᠰᠡᠨ ᠲᠡᠶᠢᠰᠢ ᠬᠦᠭᠵᠢᠬᠦ ᠶᠢ ᠠᠬᠢᠭᠤᠯᠬᠤ ᠪᠣᠯᠣᠨ᠎ᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ