ᠭᠦᠭᠡᠬᠤᠳᠠ ᠶᠢᠨ ᠠᠩᠬᠠᠳᠠᠭᠴᠢ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠦᠷᠦᠭᠡ︾ ᠠᠰᠢᠭᠯᠠᠯᠲᠠ ᠳᠤ ᠣᠷᠣᠯ᠎ᠠ
ᠨᠡᠶᠢᠲᠡᠯᠡᠭᠰᠡᠨ ᠴᠠᠭ᠄
2025/5/19
      ᠣᠶᠢᠷ᠎ᠠ ᠶᠢᠨ ᠡᠳᠦᠷ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠨ᠎ᠡ ᠶᠢ ᠡᠭᠦᠳᠦᠭᠰᠡᠨ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠦᠷᠦᠭᠡ︾ ᠶᠡᠭᠡ ᠵᠣᠣ ᠠᠭᠤᠳᠠᠮ ᠲᠠᠯᠠᠪᠠᠶ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠡᠨᠡ ᠬᠦ ᠣᠯᠠᠨ ᠴᠢᠳᠠᠮᠵᠢᠲᠤ ᠨᠡᠭᠦᠳᠡᠯ ᠦᠢᠯᠡᠴᠢᠯᠡᠭᠡᠨ ᠤ ᠲᠠᠪᠴᠠᠩ ᠨᠢ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ᠂ ᠠᠷᠠᠳ ᠲᠤ ᠲᠥᠭᠦᠮ ᠦᠵᠡᠭᠦᠯᠭᠦ᠂ ᠰᠣᠶᠣᠯ ᠵᠢᠭᠤᠯᠴᠢᠯᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠵᠤ᠂ ᠬᠤᠲᠠ ᠶᠢᠨ ᠠᠷᠠᠳ ᠪᠠ ᠵᠢᠭᠤᠯᠴᠢᠯᠠᠬᠰᠠᠳ ᠲᠤ ᠦᠢᠯᠡᠴᠢᠯᠡᠬᠦ ᠲᠠᠪᠴᠠᠩ ᠪᠣᠯᠵᠠᠢ᠃      ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠦᠷᠦᠭᠡ︾ ᠨᠢ ᠬᠥᠬᠡ ᠪᠠ ᠴᠠᠭᠠᠨ ᠥᠩᠭᠡ ᠪᠠᠷ ᠭᠤᠣᠯᠯᠠᠭᠤᠯᠵᠤ᠂ ᠮᠠᠰᠢᠨ ᠲᠡᠷᠭᠡᠨ ᠤ ᠡᠮᠦᠨ᠎ᠡ ᠬᠤᠶᠢᠨ᠎ᠠ ᠲᠠᠯ᠎ᠠ ᠪᠠ ᠮᠠᠰᠢᠨ ᠲᠡᠷᠭᠡᠨ ᠤ ᠣᠷᠣᠢ ᠳᠡᠭᠡᠷ᠎ᠡ LED ᠳᠡᠯᠭᠡᠴᠡ ᠲᠣᠬᠢᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠸᠢᠳᠢᠤ᠋ ᠪᠠ ᠰᠡᠷᠡᠮᠵᠢᠯᠡᠭᠦᠯᠭᠦ ᠤᠬᠠᠭᠤᠯᠭ᠎ᠠ ᠶᠢ ᠡᠷᠭᠢᠯᠳᠦᠭᠦᠯᠦᠨ ᠨᠡᠪᠲᠡᠷᠡᠭᠦᠯᠦᠨ᠎ᠡ᠃ ᠮᠠᠰᠢᠨ ᠲᠡᠷᠭᠡᠨ ᠤ ᠳᠤᠮᠳᠠ ᠬᠡᠰᠡᠭ ᠲᠤ ᠨᠡᠭᠡᠭᠡᠯᠲᠡᠲᠤ ᠮᠠᠶ᠋ᠢᠭ ᠤᠨ ᠦᠢᠯᠡᠴᠢᠯᠡᠭᠡᠨ ᠤ ᠴᠣᠩᠬᠤ ᠭᠠᠷᠭᠠᠵᠤ᠂ ︽ᠣᠶᠤᠨᠴᠢ︾ ᠬᠡᠯᠡᠨ ᠤ ᠲᠤᠰᠠᠯᠠᠭᠴᠢ ᠠᠴᠠ ᠬᠤᠲᠠ ᠶᠢᠨ ᠠᠷᠠᠳ ᠪᠠ ᠵᠢᠭᠤᠯᠴᠢᠯᠠᠬᠰᠡᠳ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠤᠨ ᠲᠤᠬᠠᠢ ᠠᠰᠠᠭᠤᠯᠳᠠ ᠳᠤ ᠴᠠᠭ ᠲᠤᠬᠠᠢ ᠳᠤᠨᠢ ᠬᠠᠷᠢᠭᠤᠯᠲᠠ ᠥᠭᠭᠦᠨ᠎ᠡ᠃      ᠲᠤᠰ ᠮᠠᠰᠢᠨ ᠲᠡᠷᠭᠡᠨ ᠤ ᠥᠷᠥᠭᠡᠨ ᠳᠣᠲᠣᠷ᠎ᠠ ᠵᠢᠷᠭᠤᠭᠠᠨ ᠴᠢᠳᠠᠮᠵᠢᠲᠤ ᠲᠣᠭᠤᠷᠢᠭ ᠬᠤᠪᠢᠶᠠᠵᠤ᠂ ᠬᠤᠲᠠ ᠶᠢᠨ ᠠᠷᠠᠳ ᠤᠨ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠲᠣᠭᠤᠷᠢᠭ ᠲᠤ ᠡᠯ᠎ᠡ ᠵᠦᠢᠯ ᠤᠨ  ᠭᠠᠷ ᠳᠡᠪᠲᠡᠷ ᠢ ᠳᠡᠯᠭᠡᠨ ᠦᠵᠡᠭᠦᠯᠵᠦ᠂ ᠳᠣᠭᠢᠶᠠᠨ ᠳ᠋ᠧᠩ ᠤᠨ ᠲᠡᠮᠳᠡᠭ ᠬᠢᠭᠡᠳ ᠵᠢᠯᠤᠭᠤᠳᠬᠤ ᠤᠷ᠎ᠠ ᠮᠡᠷᠭᠡᠵᠢᠯ ᠢ ᠲᠠᠶᠢᠯᠪᠤᠷᠢᠯᠠᠨ᠎ᠡ; ᠮᠠᠰᠢᠨ ᠲᠡᠷᠭᠡᠨ ᠤ ᠵᠢᠯᠣᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠲᠣᠭᠤᠷᠢᠭ ᠲᠤ ᠵᠢᠯᠣᠭᠤᠴᠢ ᠶᠢᠨ ᠦᠨᠡᠮᠯᠡᠯ ᠢ ᠬᠠᠯᠠᠬᠤ ᠪᠠ ᠨᠥᠬᠦᠪᠦᠷᠢᠯᠡᠬᠦ᠂ ᠮᠠᠰᠢᠨ ᠲᠡᠷᠭᠡ ᠵᠢᠯᠤᠭᠤᠳᠬᠤ ᠦᠨᠡᠮᠯᠡᠯ ᠤᠨ ᠲᠤᠬᠠᠶᠢᠯᠠᠭᠰᠠᠨ ᠠᠵᠢᠯ ᠵᠡᠷᠭᠡ 38 ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠤᠯᠤᠨ᠎ᠠ; ᠡᠳ᠋ ᠪᠣᠳᠠᠰ ᠬᠠᠳᠠᠭᠠᠯᠠᠬᠤ ᠪᠠ ᠰᠢᠤᠳᠠᠨ ᠢᠶᠠᠷ ᠢᠯᠡᠭᠡᠬᠦ ᠲᠣᠭᠤᠷᠢᠭ ᠲᠤ ᠵᠢᠭᠤᠯᠴᠢᠯᠠᠬᠰᠠᠳ ᠳᠤᠷᠠᠰᠬᠠᠯ ᠤᠨ ᠪᠣᠳᠠᠰ ᠬᠠᠳᠠᠭᠠᠯᠠᠬᠤ ᠪᠤᠶᠤ ᠰᠢᠤᠳᠠᠨ ᠢᠶᠠᠷ ᠢᠯᠡᠭᠡᠵᠦ ᠪᠤᠯᠣᠨ᠎ᠠ; ᠬᠤᠲᠠ ᠶᠢᠨ ᠠᠷᠠᠳ ᠤᠨ ᠠᠮᠠᠷᠠᠬᠤ ᠲᠣᠭᠤᠷᠢᠭ ᠲᠤ ᠵᠥᠭᠡᠯᠡᠨ ᠰᠠᠭᠤᠳᠠᠯ᠂ ᠤᠤᠭᠤᠬᠤ ᠤᠰᠤᠨ ᠤ ᠦᠢᠯᠡᠴᠢᠯᠡᠭᠡ ᠬᠠᠩᠭᠠᠨ᠎ᠠ; ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠣᠭᠤᠷᠢᠭ ᠲᠤ ᠪᠠᠴᠢᠮ ᠠᠪᠤᠷᠠᠬᠤ ᠡᠮ ᠤᠨ ᠬᠠᠶᠢᠷᠴᠠᠭ ᠪᠠ ᠮᠠᠰᠢᠨ ᠲᠡᠷᠭᠡ ᠶᠢ ᠰᠡᠯᠪᠢᠨ ᠵᠠᠰᠠᠬᠤ ᠪᠠᠭᠠᠵᠢ ᠬᠡᠷᠡᠭᠰᠡᠯ ᠢ ᠪᠡᠯᠡᠳᠬᠡᠵᠦ᠂ ᠭᠡᠨᠡᠳᠲᠡ ᠶᠢᠨ ᠪᠠᠶᠢᠳᠠᠯ ᠢ ᠠᠷᠭᠠᠴᠠᠭᠠᠨ᠎ᠠ; ᠰᠣᠶᠣᠯ ᠵᠢᠭᠤᠯᠴᠢᠯᠠᠯ ᠤᠨ ᠵᠢᠯᠣᠭᠤᠳᠤᠨ ᠰᠢᠢᠳᠪᠦᠷᠢᠯᠡᠬᠦ ᠲᠣᠭᠤᠷᠢᠭ ᠲᠤ ᠦᠵᠡᠮᠵᠢ ᠶᠢᠨ ᠣᠷᠣᠨ᠂ ᠠᠮᠲᠠᠲᠤ ᠢᠳᠡᠭᠡᠨ ᠢ ᠲᠠᠨᠢᠯᠴᠠᠭᠤᠯᠵᠤ᠂ ᠵᠢᠭᠤᠯᠴᠢᠯᠠᠬᠰᠠᠳ ᠤᠨ ᠭᠦᠭᠡᠬᠤᠲᠠ ᠶᠢᠨ ᠷᠢᠳᠢ ᠰᠢᠳᠢ ᠶᠢ ᠭᠦᠨᠵᠡᠭᠡᠢ ᠣᠶᠢᠯᠠᠭᠠᠬᠤ ᠳᠤ ᠬᠦᠴᠦᠨ ᠨᠡᠮᠡᠷᠢᠯᠡᠨ᠎ᠡ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ