ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠭᠦᠭᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠠᠴᠠ | ᠡᠵᠡᠩᠨᠡᠵᠦ ᠪᠠᠶᠢᠭ᠎ᠠ ᠲᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠳᠤ ᠵᠢᠭᠤᠯᠴᠢᠯᠠᠬᠰᠠᠳ ᠣᠯᠠᠰᠢᠷᠠᠵᠤ᠂ ᠴᠡᠴᠡᠷᠯᠢᠭ | ᠪᠠᠶᠢᠭᠤᠯᠤᠭᠳᠠᠭᠰᠠᠨ ᠠᠴᠠ ᠨᠠᠭᠠᠰᠢᠬᠢ ᠲᠡᠦᠬᠡ ᠶᠢᠨ ᠠᠳᠠᠯᠢ ᠬᠤᠭᠤᠴᠠᠭᠠᠨ ᠤ ᠲᠡᠮᠳᠡᠭᠯᠡᠯ ᠢ ᠤᠳᠠᠭ᠎ᠠ ᠳᠠᠷᠠᠭᠠᠯᠠᠨ ᠰᠢᠨᠡᠳᠬᠡᠪᠡ᠃ | ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠬᠢᠨ ᠨᠢᠳᠤᠨᠤᠨ ᠠᠴᠠ ᠵᠠᠬ᠎ᠠ ᠳᠡᠯᠭᠡᠭᠦᠷᠴᠢᠯᠡᠨ ᠡᠵᠡᠩᠨᠡᠬᠦ ᠥᠭᠡᠷᠡᠴᠢᠯᠡᠯᠲᠡ ᠶᠢ | ᠬᠡᠷᠡᠭᠵᠢᠭᠦᠯᠦᠭᠰᠡᠨ ᠠᠴᠠ ᠨᠠᠭᠠᠰᠢ᠂ ᠴᠠᠭ ᠤᠯᠠᠷᠢᠯ ᠲᠠᠢ ᠤᠶᠠᠯᠳᠤᠭᠤᠯᠤᠨ᠂ ᠪᠠᠶᠠᠷ ᠤᠨ ᠡᠳᠦᠷ ᠲᠤ ᠵᠣᠷᠢᠭᠤᠯᠵᠤ ᠣᠯᠠᠨ ᠲᠠᠯᠠᠪᠠᠢ ᠥᠪᠡᠷᠮᠢᠴᠡ ᠣᠨᠴᠠᠯᠢᠭ ᠲᠠᠢ | ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ ᠵᠢᠭᠤᠯᠴᠢᠯᠠᠬᠰᠠᠳ ᠤᠨ ᠬᠦᠷᠢᠶᠡᠯᠡᠯ ᠢ ᠣᠯᠵᠠᠢ᠃ ᠲᠦᠷᠦᠭᠦᠬᠡᠨ ᠶᠠᠪᠤᠭᠳᠠᠭᠰᠠᠨ ︽ᠬᠤᠶᠠᠳᠤᠭᠠᠷ ᠬᠤᠭᠤᠴᠠᠭᠠᠨ ᠤ | ᠳᠠᠯᠠᠨ ᠬᠠᠷ᠎ᠠ ᠠᠭᠤᠯᠠ ᠶᠢᠨ ᠭᠠᠶᠢᠬᠠᠮᠰᠢᠭᠲᠤ ᠠᠮᠢᠲᠠᠨ ᠤ ᠠᠶᠠᠯᠠᠯ︾ ᠭᠤᠣᠯ ᠰᠡᠳᠦᠪᠲᠦ ᠠᠵᠢᠯᠯᠠᠭ᠎ᠠ ᠶᠢᠨ ᠬᠤᠭᠤᠴᠠᠭᠠᠨ ᠳᠤ ᠨᠡᠶᠢᠳᠡ 9.1 ᠲᠦᠮᠡ ᠭᠠᠷᠤᠢ | ᠵᠢᠭᠤᠯᠴᠢᠯᠠᠭᠴᠢ ᠶᠢ ᠭᠥᠯᠢᠶᠡᠨ ᠠᠪᠴᠤ᠂ ᠬᠠᠩᠰᠢ ᠶᠢᠨ ᠠᠮᠠᠷᠠᠯᠲᠠ ᠶᠢᠨ ᠭᠤᠷᠪᠠᠭ᠋ᠠᠨ ᠡᠳᠦᠷ ᠲᠤ 73140 ᠵᠢᠭᠤᠯᠴᠢᠯᠠᠭᠴᠢ ᠶᠢ ᠭᠥᠯᠢᠶᠡᠨ ᠠᠪᠴᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 73.35% ᠪᠠᠷ ᠨᠡᠮᠡᠭᠳᠡᠨ᠂ ᠴᠡᠴᠡᠷᠯᠢᠭ ᠪᠠᠶᠢᠭᠤᠯᠤᠭᠳᠠᠭᠰᠠᠨ ᠠᠴᠠ ᠨᠠᠭᠠᠰᠢᠬᠢ ᠲᠡᠦᠬᠡ ᠶᠢᠨ ᠠᠳᠠᠯᠢ | ᠬᠤᠭᠤᠴᠠᠭᠠᠨ ᠤ ᠲᠡᠮᠳᠡᠭᠯᠡᠯ ᠢ ᠰᠢᠨᠡᠳᠬᠡᠪᠡ᠃ ᠡᠨᠡ ᠵᠢᠯ ᠤᠨ ︽5·1︾ ᠤ ᠠᠮᠠᠷᠠᠯᠲᠠ ᠶᠢᠨ ᠬᠤᠭᠤᠴᠠᠭᠠᠨ ᠳᠤ ᠵᠢᠭᠤᠯᠴᠢᠯᠠᠬᠰᠠᠳ ᠲᠤ ᠨᠠᠩ ᠣᠯᠠᠨ ᠰᠢᠨ᠎ᠡ | ᠲᠥᠷᠥᠭᠳᠡᠯ ᠣᠯᠭᠤᠬᠤ ᠶᠢᠨ ᠲᠥᠯᠥᠭᠡ ᠡᠩᠬᠦᠷᠡᠢ ᠠᠮᠢᠳᠠᠨ ᠤ ᠴᠡᠩᠭᠡᠯ ᠤᠨ ᠬᠦᠷᠢᠶᠡᠯᠡᠩ ᠢ ᠨᠡᠭᠡᠭᠡᠵᠦ᠂ ᠠᠮᠢᠲᠠᠨ ᠤ ᠬᠦᠷᠢᠶᠡᠯᠡᠩ ᠤᠨ ᠭᠤᠣᠯ ᠰᠡᠳᠦᠪᠲᠦ | ᠴᠡᠩᠭᠡᠯ ᠤᠨ ᠬᠦᠷᠢᠶᠡᠯᠡᠩ ᠢᠶᠠᠨ ᠲᠠᠰ ᠳᠡᠪᠰᠢᠭᠦᠯᠦᠭᠰᠡᠨ ᠪᠠᠶᠢᠨ᠎ᠠ᠃ | ᠰᠢᠷᠢᠰ ᠭᠤᠣᠯ ᠰᠡᠳᠦᠪᠲᠦ ᠠᠵᠢᠯᠯᠠᠭ᠎ᠠ ᠨᠢ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠰᠢᠨ᠎ᠡ ᠶᠢ ᠡᠭᠦᠳᠬᠦ ᠡᠵᠡᠩᠨᠡᠯᠲᠡ | ᠶᠢᠨ ᠦᠷ᠎ᠡ ᠪᠦᠲᠦᠭᠡᠯ ᠤᠨ ᠦᠵᠡᠭᠦᠯᠭᠡ ᠪᠤᠯᠬᠤ ᠪᠠᠷ ᠪᠠᠷᠠᠬᠤ ᠦᠭᠡᠢ ᠨᠡᠩ ᠴᠤ ᠭᠦᠭᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠣᠶᠣᠯ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠣᠯᠣᠨ᠎ᠠ᠃ ᠲᠤᠰ ᠬᠦᠷᠢᠶᠡᠯᠡᠩ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ + | ᠰᠣᠶᠣᠯ︾ ᠤᠨ ᠬᠤᠣᠰ ᠭᠦᠳᠡᠯᠭᠡᠭᠦᠷᠳᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠬᠤᠲᠠ ᠶᠢᠨ ᠠᠷᠠᠳ ᠪᠣᠯᠣᠨ ᠵᠢᠭᠤᠯᠴᠢᠯᠠᠬᠰᠠᠳ ᠢ ᠪᠠᠶᠠᠯᠢᠭ ᠰᠠᠶᠢᠬᠠᠨ | ᠠᠵᠢᠯᠯᠠᠭ᠎ᠠ ᠳᠤ ᠤᠷᠤᠯᠴᠠᠭᠤᠯᠬᠤ ᠶᠢᠨ ᠬᠠᠮᠲᠤ ᠪᠠᠰᠠ ᠣᠳᠣᠬᠢᠴᠢᠯᠠᠭᠰᠠᠨ ᠬᠠᠮᠢᠶᠠᠷᠤᠯᠲᠠ ᠪᠠ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠤ ᠥᠪᠡᠷᠮᠢᠴᠡ | ᠷᠢᠳᠢ ᠰᠢᠳᠢ ᠶᠢ ᠮᠡᠳᠡᠷᠡᠭᠦᠯᠵᠡᠢ᠃ ᠲᠤᠰ ᠬᠦᠷᠢᠶᠡᠯᠡᠩ ᠤᠨ ᠨᠢᠮᠪᠠᠢ ᠴᠣᠭᠴᠠᠯᠠᠭᠰᠠᠨ ᠮᠠᠯᠤᠷ ᠦᠳᠡᠭᠡ ᠬᠤᠭᠤᠯᠠᠨ ᠭᠡᠷ᠂ ᠪᠣᠳᠠᠰ ᠤᠨ ᠪᠤᠰᠤ ᠰᠣᠶᠣᠯ ᠤᠨ ᠥᠪ | ᠤᠨ ᠭᠠᠷ ᠤᠷᠠᠯᠠᠯ ᠤᠨ ᠳᠡᠯᠭᠡᠨ ᠪᠣᠷᠤᠯᠠᠭᠤᠯᠭ᠎ᠠ᠂ ᠮᠧᠩ ᠽᠦᠢ ᠭᠡᠷ ᠪᠦᠯᠢ ᠶᠢᠨ ᠴᠡᠩᠭᠡᠯ ᠤᠨ ᠬᠦᠷᠢᠶᠡᠯᠡᠩ᠂ ︽ᠴᠢᠩ ᠴᠢᠩ ᠸᠠᠩ ᠴᠧᠩ︾ ᠰᠢᠷᠢᠰ ᠳᠦᠷᠢ ᠪᠠ | ᠵᠦᠴᠦᠭᠡ ᠵᠢᠴᠢ ᠳᠠᠭᠠᠯᠲᠠ ᠪᠦᠲᠦᠭᠡᠭᠳᠡᠬᠦᠨ ᠪᠤᠯᠬᠤ ︽ᠳᠠᠯᠠᠨ ᠬᠠᠷ᠎ᠠ ᠠᠭᠤᠯᠠ ᠶᠢᠨ ᠠᠮᠢᠲᠠᠨ ᠤ ᠸᠠᠩᠲᠤ ᠤᠯᠤᠰ ᠫᠠᠰᠫᠣᠷᠲ︾᠂ ᠰᠣᠷᠢᠨᠵᠢᠨ ᠨᠠᠭᠠᠯᠲᠠ ᠵᠡᠷᠭᠡ | ᠨᠢ ᠬᠤᠲᠠ ᠶᠢᠨ ᠠᠷᠠᠳ ᠪᠣᠯᠣᠨ ᠵᠢᠭᠤᠯᠴᠢᠯᠠᠬᠰᠠᠳ ᠤᠨ ᠬᠠᠯᠠᠭᠤᠨ ᠬᠦᠷᠢᠶᠡᠯᠡᠯ ᠢ ᠣᠯᠵᠠᠢ᠃ ᠡᠭᠦᠨ ᠤ ᠬᠠᠮᠲᠤ ᠠᠮᠢᠲᠠᠨ ᠬᠢᠭᠡᠳ ᠠᠮᠢ ᠠᠬᠤᠢ ᠶᠢᠨ | ᠬᠠᠮᠠᠭᠠᠯᠠᠯᠲᠠ ᠶᠢ ᠳᠡᠭᠡᠳᠦᠯᠡᠨ ᠥᠭᠡᠷᠡᠴᠢᠯᠡᠯᠲᠡ ᠶᠢᠨ ᠳᠤᠮᠳᠠ ᠪᠠᠨ ᠠᠮᠢᠲᠠᠨ ᠤ ᠤᠯᠠᠮᠵᠢᠯᠠᠯᠲᠤ ᠲᠣᠬᠯᠠᠯᠲᠠ ᠶᠢ ᠲᠠᠶᠠᠭᠳᠠᠵᠤ᠂ ᠠᠮᠢᠳᠠᠨ ᠰᠣᠨᠢᠷᠬᠠᠬᠤ | ᠲᠣᠭᠤᠷᠢᠭ ᠲᠤ ᠭᠦᠨᠵᠡᠭᠡᠢ ᠪᠡᠶᠡᠴᠢᠯᠡᠨ ᠣᠶᠢᠯᠠᠭᠠᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠵᠢᠭᠤᠯᠴᠢᠯᠠᠬᠰᠠᠳ ᠲᠤ ᠬᠡᠭᠡᠷ᠎ᠡ ᠶᠢᠨ ᠠᠮᠢᠲᠠᠨ ᠤ ᠲᠥᠷᠥᠯᠬᠢ | ᠴᠢᠨᠠᠷ ᠢ ᠮᠡᠳᠡᠭᠦᠯᠵᠦ᠂ ᠠᠮᠢᠳᠠᠨ ᠠᠷᠢᠶᠠᠲᠠᠨ ᠤ ᠪᠠᠶᠢᠭᠠᠯᠢᠯᠢᠭ ᠮᠥᠨ ᠴᠢᠨᠠᠷ ᠢ ᠨᠢ ᠪᠦᠳᠦᠮᠵᠢᠳᠠᠢ ᠬᠠᠮᠠᠭᠠᠯᠠᠪᠠ᠃ | ᠭᠦᠭᠡᠬᠤᠳᠠ ᠶᠢᠨ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠳᠠᠬᠢ ᠠᠮᠢᠲᠠᠨ ᠤ ᠲᠥᠷᠥᠯ ᠵᠦᠢᠯ ᠨᠢ 78 ᠵᠦᠢᠯ ᠪᠠᠶᠢᠭᠰᠠᠨ | ᠠᠴᠠ ᠪᠠᠨ ᠤᠳᠤ 108 ᠵᠦᠢᠯ ᠪᠣᠯᠵᠤ ᠨᠡᠮᠡᠭᠳᠡᠨ᠂ ᠲᠤᠭ᠎ᠠ ᠬᠡᠮᠵᠢᠶ᠎ᠡ ᠨᠢ 988 ᠪᠠᠶᠢᠭᠰᠠᠨ ᠠᠴᠠ ᠪᠠᠨ 1130 ᠪᠣᠯᠣᠨ ᠨᠡᠮᠡᠭᠳᠡᠵᠦ᠂ ᠥᠪᠥᠷ ᠮᠣᠩᠭᠤᠯ ᠤᠨ | ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠲᠠᠢ ᠬᠠᠮᠲᠤᠷᠠᠨ ᠬᠤᠯᠠᠨ ᠪᠣᠶᠢᠵᠢᠭᠤᠯᠬᠤ ᠲᠥᠷᠥᠯ ᠵᠦᠢᠯ ᠢ ᠡᠷᠭᠢᠯᠡᠨ ᠬᠢᠵᠦ᠂ ᠬᠡᠭᠡᠷ᠎ᠡ ᠶᠢᠨ | ᠠᠮᠢᠲᠠᠨ ᠤ ᠬᠦᠷᠢᠶᠡᠯᠡᠩ ᠢ ︽ᠰᠣᠨᠢᠷᠬᠠᠬᠤ︾ ᠠᠴᠠ ︽ᠬᠠᠮᠠᠭᠠᠯᠠᠬᠤ + ᠰᠢᠨᠵᠢᠯᠡᠬᠦ ᠤᠬᠠᠭᠠᠨ ᠤ ᠰᠤᠳᠤᠯᠭᠠᠨ︾ ᠲᠡᠶᠢᠰᠢ ᠲᠠᠰ ᠳᠡᠪᠰᠢᠭᠦᠯᠪᠡ᠃ ᠭᠦᠭᠡᠬᠤᠳᠠ ᠶᠢᠨ | ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠪᠠᠰᠠ ᠪᠦᠭᠦ ᠤᠯᠠᠷᠢᠯ ᠤᠨ ᠰᠣᠶᠣᠯ ᠵᠢᠭᠤᠯᠴᠢᠯᠠᠯ ᠤᠨ ᠠᠮᠢ ᠠᠬᠤᠢ ᠶᠢᠨ ᠲᠣᠭᠤᠷᠢᠭ ᠢ | ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃ | |