ᠲᠦᠷᠦᠭᠦᠬᠡᠨ᠂ ᠥᠪᠥᠷ ᠮᠣᠩᠭᠤᠯ ᠤᠨ ᠷᠦᠢ ᠱᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠷᠢᠨᠭᠡᠷ ᠰᠦ ᠶᠢᠨ | ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠵᠢᠩᠬᠢᠨᠢ ᠪᠠᠷ ᠪᠠᠶᠢᠭᠤᠯᠤᠭᠳᠠᠪᠠ᠃ | ᠷᠦᠢ ᠱᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠨᠢ | ᠠᠨᠠᠭᠠᠬᠤ ᠤᠬᠠᠭᠠᠨ ᠤ ᠰᠤᠳᠤᠯᠭᠠᠨ ᠪᠠ ᠲᠤᠷᠰᠢᠯᠲᠠ ᠬᠥᠭᠵᠢᠯᠲᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠬᠤᠰᠢᠭᠤᠷᠠᠯ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶ᠎ᠡ ᠬᠡᠪᠴᠢᠶ᠎ᠡ ᠶᠢ ᠬᠠᠮᠤᠷᠬᠤ ᠪᠠᠷ ᠪᠠᠷᠠᠬᠤ ᠥᠬᠡᠶ᠂ ᠪᠠᠰᠠ ᠮᠠᠯ ᠤᠨ ᠡᠮ ᠤᠨ ᠦᠢᠯᠡᠳᠪᠦᠷᠢᠯᠡᠯ ᠪᠠ ᠡᠵᠡᠩᠨᠡᠯᠲᠡ ᠳᠤ | ᠬᠤᠯᠪᠣᠭᠳᠠᠬᠤ ᠶᠢᠨ ᠬᠠᠮᠲᠤ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠢᠳᠡᠪᠬᠢᠲᠡᠶ ᠨᠡᠭᠡᠭᠡᠵᠦ᠂ | ︽ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ + ᠠᠵᠤ ᠦᠢᠯᠡᠰ ᠤᠨ ᠤᠯᠠᠷᠢᠭᠤᠯᠤᠯᠲᠠ + ᠣᠯᠠᠨ ᠤᠯᠤᠰ ᠤᠨ ᠬᠠᠮᠲᠤᠷᠠᠯᠴᠠᠭ᠎ᠠ︾ ᠶᠢᠨ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ᠃ | ᠷᠦᠢ ᠫᠦ᠋ ᠠᠮᠢᠳᠤ ᠪᠣᠳᠠᠰ ᠤᠨ ᠪᠦᠬᠦ ᠪᠡᠯᠡᠲᠦ ᠳᠠᠭᠠᠯᠲᠠ ᠺᠣᠮᠫᠠᠨᠢ ᠪᠣᠯᠤᠭᠰᠠᠨ ᠤ ᠬᠤᠪᠢ ᠳᠤ᠂ ᠷᠦᠢ ᠱᠢ ᠠᠮᠢᠳᠤ ᠪᠣᠳᠠᠰ ᠨᠢ ᠪᠡᠯᠡᠳᠭᠡᠬᠦ | ᠱᠠᠲᠤᠨ ᠠᠴᠠ ᠪᠠᠨ ᠬᠥᠭᠵᠢᠯᠲᠡ ᠶᠢᠨ ᠠᠷᠭ᠎ᠠ ᠵᠠᠮ ᠢᠶᠠᠨ ᠥᠨᠳᠥᠷ ᠡᠬᠢᠯᠡᠯᠲᠡ ᠲᠠᠢ ᠲᠦᠯᠦᠪᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠨ ᠳᠤ᠂ ᠠᠨᠠᠭᠠᠬᠤ ᠤᠬᠠᠭᠠᠨ ᠪᠣᠯᠤᠨ ᠬᠥᠳᠡᠭᠡ ᠠᠵᠤ ᠠᠬᠤᠢ ᠶᠢᠨ ᠬᠤᠶᠠᠷ ᠶᠡᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ | ᠲᠦᠷᠦᠯ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢᠨ | ᠭᠦᠨᠵᠡᠭᠡᠢ ᠠᠭᠤᠰᠤᠯᠴᠠᠯ ᠢ ᠠᠬᠢᠭᠤᠯᠪᠠ᠃ ᠠᠵᠤ ᠦᠢᠯᠡᠰ ᠤᠨ ᠡᠵᠡᠩᠨᠡᠯᠲᠡ ᠶᠢᠨ ᠲᠠᠯ᠎ᠠ ᠪᠠᠷ᠂ ᠮᠠᠯ ᠤᠨ ᠡᠮ ᠦᠢᠯᠡᠳᠪᠦᠷᠢᠯᠡᠬᠦ ᠪᠠ ᠡᠵᠡᠩᠨᠡᠬᠦ ᠲᠤᠬᠠᠶᠢᠯᠠᠭᠰᠠᠨ | ᠠᠵᠢᠯ ᠨᠢ ᠷᠦᠢ ᠫᠦ᠋ ᠠᠮᠢᠳᠤ ᠪᠣᠳᠠᠰ ᠤᠨ ᠮᠡᠷᠭᠡᠵᠢᠯ ᠤᠨ ᠬᠤᠷᠠᠮᠳᠤᠭᠤᠯᠤᠯ ᠪᠠ ᠵᠠᠬ᠎ᠠ ᠳᠡᠯᠭᠡᠭᠦᠷ ᠤᠨ ᠲᠣᠤᠷ ᠰᠦᠯᠵᠢᠶ᠎ᠡ ᠳᠤ ᠲᠦᠰᠢᠭᠯᠡᠨ᠂ ᠭᠤᠤᠯᠯᠠᠬᠤ | ᠥᠷᠢᠰᠥᠯᠳᠦᠬᠦ ᠬᠦᠴᠦᠨ ᠲᠠᠢ ᠦᠢᠯᠡᠳᠬᠦᠨ ᠢ ᠪᠣᠶ ᠪᠤᠯᠭᠠᠨ᠎ᠠ᠃ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠨᠢ | ᠺᠣᠮᠫᠠᠨᠢ ᠳᠤ ᠤᠯᠠᠨ ᠤᠯᠤᠰ ᠤᠨ ᠵᠠᠬ᠎ᠠ ᠳᠡᠯᠭᠡᠭᠦᠷ ᠢ ᠬᠤᠯᠪᠣᠭᠰᠠᠨ ᠬᠥᠭᠦᠷᠭᠡ ᠶᠢ ᠪᠠᠶᠢᠭᠤᠯᠵᠤ᠂ ᠴᠢᠨᠠᠷ ᠰᠠᠶᠢᠲᠠᠢ ᠦᠢᠯᠡᠳᠬᠦᠨ ᠤ ︽ᠭᠠᠳᠠᠭᠰᠢ ᠭᠠᠷᠬᠤ︾᠂ | ᠲᠡᠷᠢᠭᠦᠨ ᠤ ᠮᠡᠷᠭᠡᠵᠢᠯ ᠢ ︽ᠣᠷᠣᠭᠤᠯᠤᠨ ᠠᠪᠴᠢᠷᠠᠬᠤ︾ ᠳᠤ ᠬᠦᠴᠦᠨ ᠨᠡᠮᠡᠷᠢᠯᠡᠨ᠎ᠡ᠃ | ᠲᠣᠰ ᠤᠳᠠᠭ᠎ᠠ ᠷᠦᠢ ᠱᠢ ᠠᠮᠢᠳᠤ ᠪᠣᠳᠠᠰ ᠤᠨ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠰᠠᠭᠤᠷᠢᠰᠢᠭᠰᠠᠨ ᠨᠢ ᠠᠵᠤ | ᠠᠬᠤᠶᠢᠯᠠᠯ ᠤᠨ ᠲᠣᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠴᠢᠬᠤᠯᠠ ᠨᠢᠭᠡ ᠠᠯᠬᠤᠮ ᠪᠣᠯᠬᠤ ᠪᠠᠷ ᠪᠠᠷᠠᠬᠤ ᠥᠬᠡᠶ᠂ ᠬᠤᠷᠢᠨᠭᠡᠷ | ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠠᠵᠤ ᠦᠢᠯᠡᠰ ᠤᠨ | ᠬᠡᠯᠬᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ | ᠬᠦᠴᠦᠨ ᠬᠠᠩᠭᠠᠵᠤ᠂ ᠮᠠᠨ ᠤ ᠤᠯᠤᠰ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠳᠠᠪᠰᠢᠯᠲᠠ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ︵ᠯᠢ ᠬᠠᠢ ᠵᠧᠨ ᠬᠠᠨ ᠰᠢᠨ ᠮᠧᠢ︶ |