︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠳᠤᠮᠳᠠᠳᠤ | ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠰᠦᠩ ᠺᠠᠢ ᠲᠠᠢ ᠰᠠᠭᠤᠳᠠᠯ ᠤᠨ ᠬᠤᠷᠠᠯ ᠬᠢᠪᠡ᠃ | ᠪᠣᠣ ᠭᠠᠩ ᠰᠦᠩ ᠺᠠᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠮᠠᠨ ᠤ ᠬᠤᠳᠠ ᠶᠢᠨ ᠬᠥᠯ | ᠪᠥᠮᠪᠦᠭᠡ ᠶᠢᠨ ᠦᠢᠯᠡᠰ ᠢ ᠳᠡᠮᠵᠢᠭᠰᠡᠨ ᠪᠠ ᠤᠷᠤᠯᠳᠤᠭᠠᠨ ᠡᠷᠬᠢᠯᠡᠬᠦ ᠴᠢᠳᠠᠪᠤᠷᠢ ᠶᠢ ᠢᠲᠡᠭᠡᠵᠦ ᠪᠠᠶᠢᠬᠤ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠲᠣᠰ ᠤᠳᠠᠭᠠᠨ ᠤ 2025 | ᠠᠽᠢᠶ᠎ᠠ ᠲᠢᠪ ᠤᠨ ᠬᠥᠯ ᠪᠥᠮᠪᠦᠭᠡ ᠶᠢᠨ ᠬᠤᠯᠪᠣᠭ᠎ᠠ ᠶᠢᠨ ᠳᠤᠮᠳᠠᠳᠤ ᠤᠯᠤᠰ ᠲᠠᠬᠢ ᠡᠮᠡᠭᠲᠡᠶ ᠶᠢᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠠᠽᠢᠶ᠎ᠠ ᠲᠢᠪ ᠬᠤᠨᠳᠠᠭᠠᠲᠤ | ᠤᠷᠤᠯᠳᠤᠭᠠᠨ ᠬᠥᠬᠡᠬᠤᠲᠠ ᠳᠤ ᠶᠠᠪᠤᠭᠳᠠᠬᠤ ᠪᠣᠯᠣᠭᠰᠠᠨ ᠨᠢ ᠬᠤᠲᠠ ᠶᠢᠨ ᠠᠯᠳᠠᠷᠰᠢᠯ ᠢ ᠳᠡᠭᠡᠭᠰᠢᠯᠡᠭᠦᠯᠬᠦ᠂ ᠭᠠᠳᠠᠭᠠᠳᠤ ᠰᠣᠯᠢᠯᠴᠠᠭ᠎ᠠ ᠶᠢ ᠥᠷᠭᠡᠳᠬᠡᠬᠦ ᠳᠤ ᠴᠥᠮ ᠴᠢᠬᠤᠯᠠ | ᠦᠢᠯᠡᠳᠦᠯ ᠦᠵᠡᠭᠦᠯᠵᠦ᠂ ᠣᠷᠣᠨ ᠤ ᠲᠥᠪ ᠬᠤᠲᠠ ᠤᠷᠤᠯᠳᠤᠭᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯᠣᠨ᠎ᠠ᠃ | ᠤᠢᠢᠷ᠎ᠠ ᠶᠢᠨ ᠵᠢᠯ ᠠᠴᠠ᠂ ᠬᠥᠬᠡᠬᠤᠲᠠ ᠬᠥᠯ ᠪᠥᠮᠪᠦᠭᠡ ᠶᠢᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ᠂ ᠰᠣᠶᠣᠯ ᠢ ᠲᠦᠭᠡᠮᠡᠯᠵᠢᠭᠦᠯᠬᠦ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ | ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠰᠠᠶᠢᠨ ᠰᠠᠶᠢᠬᠠᠨ ᠤᠯᠠᠨ ᠲᠦᠮᠡᠨᠴᠢ ᠰᠠᠭᠤᠷᠢ ᠪᠠ ᠬᠥᠯ ᠪᠥᠮᠪᠦᠭᠡ ᠶᠢᠨ ᠰᠠᠭᠤᠷᠢ ᠲᠠᠢ ᠪᠤᠯᠵᠠᠢ᠂ ᠳᠤᠮᠳᠠᠳᠤ ᠤᠯᠤᠰ ᠤᠨ ᠬᠥᠯ | ᠪᠥᠮᠪᠦᠭᠡ ᠶᠢᠨ ᠨᠡᠶᠢᠭᠡᠮᠯᠢᠭ ᠨᠢ ᠲᠦᠷᠦᠯ ᠲᠡᠮᠲᠡᠭᠲᠦ ᠤᠷᠤᠯᠳᠤᠭᠠᠨ ᠢ ᠡᠷᠬᠢᠯᠡᠬᠦ᠂ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠰᠣᠯᠢᠯᠴᠠᠭ᠎ᠠ ᠵᠡᠷᠭᠡ ᠲᠠᠯ᠎ᠠ ᠪᠠᠷ ᠦᠷᠭᠦᠯᠵᠢᠯᠡᠨ | ᠳᠡᠮᠵᠢᠯᠭᠡ ᠵᠢᠯᠤᠭᠤᠳᠤᠯᠭ᠎ᠠ ᠪᠠᠨ ᠴᠢᠩᠭᠠᠳᠬᠠᠵᠤ᠂ ᠣᠷᠣᠨ ᠤ ᠲᠥᠪ ᠬᠤᠲᠠ ᠶᠢᠨ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠳᠤ | ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃ | ᠰᠥᠩ ᠺᠠᠶ ᠮᠠᠨ ᠤ ᠬᠤᠲᠠ ᠶᠢᠨ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ ᠶᠢ ᠢᠳᠡᠪᠬᠢᠲᠡᠶ ᠠᠬᠢᠭᠤᠯᠤᠭᠰᠠᠨ ᠳᠤ ᠲᠠᠯᠠᠷᠬᠠᠵᠤ᠂ ᠲᠣᠰ ᠤᠳᠠᠭᠠᠨ ᠤ ᠠᠽᠢᠶ᠎ᠠ ᠲᠢᠪ | ᠬᠤᠨᠳᠠᠭᠠᠲᠤ ᠤᠷᠤᠯᠳᠤᠭᠠᠨ ᠳᠤ ᠣᠷᠣᠯᠴᠠᠬᠤ ᠲᠠᠮᠢᠷᠴᠢᠳ ᠬᠥᠬᠡᠬᠤᠲᠠ ᠳᠤ ᠢᠷᠡᠭᠰᠡᠨ ᠤ ᠳᠠᠷᠠᠭ᠎ᠠ᠂ ᠬᠥᠬᠡᠬᠤᠲᠠ ᠶᠢᠨ ᠬᠤᠲᠠ ᠶᠢᠨ ᠷᠢᠳᠢ ᠰᠢᠳᠢ ᠪᠠ ᠬᠤᠲᠠ ᠶᠢᠨ ᠠᠷᠠᠳ ᠤᠨ | ᠬᠠᠯᠠᠭᠤᠮᠰᠤᠭ ᠵᠤᠴᠢᠨᠰᠠᠭ ᠢ ᠦᠨᠡᠨ ᠬᠦ ᠮᠡᠳᠡᠷᠡᠵᠡᠢ ᠭᠡᠵᠦ ᠢᠯᠡᠳᠭᠡᠪᠡ᠃ ᠲᠡᠷᠡ ᠬᠡᠯᠡᠬᠦ ᠳᠡᠭᠡᠨ᠂ ᠣᠷᠣᠨ ᠤ ᠲᠥᠪ ᠬᠤᠲᠠ ᠬᠥᠯ ᠪᠥᠮᠪᠦᠭᠡ ᠶᠢᠨ ᠦᠢᠯᠡᠰ ᠢ ᠬᠥᠭᠵᠢᠭᠦᠯᠬᠦ ᠳᠤ | ᠰᠠᠭᠤᠷᠢ ᠪᠠᠲᠤ ᠪᠠᠬᠢ᠂ ᠪᠡᠯᠡᠳᠬᠡᠮᠵᠢ ᠪᠦᠷᠢᠨ ᠲᠡᠭᠦᠯᠳᠡᠷ᠂ ᠬᠦᠭ ᠠᠮᠢᠰᠬᠤᠯ ᠭᠦᠨ ᠵᠤᠵᠠᠭᠠᠨ ᠪᠠᠶᠢᠵᠤ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ | ᠨᠡᠶᠢᠭᠡᠮᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠤ ᠲᠥᠪ ᠬᠤᠲᠠ ᠶᠢᠨ ᠨᠠᠩ ᠣᠯᠠᠨ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ ᠡᠷᠬᠢᠯᠡᠬᠦ ᠶᠢ ᠳᠡᠮᠵᠢᠨ᠎ᠡ᠃ | ᠪᠠᠰᠠ ᠲᠤᠬᠠᠶ ᠶᠢᠨ ᠭᠠᠵᠠᠷ ᠤᠨ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠤ ᠨᠠᠩ ᠣᠯᠠᠨ ᠬᠥᠯ ᠪᠥᠮᠪᠦᠭᠡ ᠶᠢᠨ | ᠴᠢᠳᠠᠪᠤᠷᠢᠲᠠᠨ ᠢ ᠬᠦᠮᠦᠵᠢᠭᠦᠯᠵᠦ ᠬᠦᠷᠭᠡᠨ᠂ ᠮᠠᠨ ᠤ ᠤᠯᠤᠰ ᠤᠨ ᠬᠥᠯ ᠪᠥᠮᠪᠦᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ | ᠭᠡᠵᠡᠶ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠶ᠂ ᠲᠣᠪᠴᠢᠶᠠᠨ ᠳᠠᠷᠤᠭ᠎ᠠ | ᠳ᠋ᠦ᠋ ᠪᠥᠸᠧ ᠵᠢᠶᠦ᠋ᠨ᠂ ᠬᠤᠲᠠ ᠶᠢᠨ ᠳᠡᠳ᠋ ᠳᠠᠷᠤᠭ᠎ᠠ ᠸᠠᠩ ᠺᠦᠨ ᠣᠷᠣᠯᠴᠠᠪᠠ᠃ |