︽5 · 1︾ ᠤ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠲᠣᠤᠷ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠪᠠᠷᠤᠭ 120 ᠲᠦᠮᠡᠨ ᠬᠥᠮᠦᠨ ᠤᠳᠠᠭ᠎ᠠ ᠬᠦᠷᠴᠡᠢ
ᠨᠡᠶᠢᠲᠡᠯᠡᠭᠰᠡᠨ ᠴᠠᠭ᠄
2025/5/7
      ︵ᠰᠤᠷᠪᠤᠯᠵᠢᠯᠠᠭᠴᠢ ᠶᠦᠨ ᠶᠠᠨ ᠹᠠᠩ︶ 5 ᠳ᠋ᠤᠭᠠᠷ ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠠᠴᠠ ᠤᠶᠢᠯᠠᠭᠠᠭᠰᠠᠨ ᠨᠢ᠂ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠲᠣᠣᠷ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠪᠠᠷᠤᠭ 120 ᠲᠦᠮᠡᠨ ᠬᠥᠮᠦᠨ ᠤᠳᠠᠭ᠎ᠠ ᠬᠦᠷᠴᠦ᠂ ᠡᠳᠦᠷ ᠪᠦᠷᠢ ᠳᠤᠮᠳᠠᠴᠢ ᠪᠠᠷ ᠪᠠᠷᠤᠭ 24 ᠲᠦᠮᠡᠨ ᠬᠥᠮᠦᠨ ᠤᠳᠠᠭ᠎ᠠ ᠬᠦᠷᠴᠦ᠂ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠤᠨ ᠲᠡᠭᠡᠭᠡᠪᠦᠷᠢ ᠶᠢᠨ ᠬᠡᠮᠵᠢᠶ᠎ᠡ ᠲᠡᠩᠴᠡᠭᠦᠷᠢᠲᠡᠢ ᠪᠠᠶᠢᠵᠤ᠂ ᠡᠯ᠎ᠡ ᠬᠠᠷᠢᠶ᠎ᠠ ᠥᠷᠲᠡᠭᠡᠨ ᠤ ᠠᠶᠠᠨᠴᠢᠳ ᠤᠨ ᠲᠡᠭᠡᠭᠡᠪᠦᠷᠢ ᠶᠢᠨ ᠵᠣᠬᠢᠶᠠᠨ ᠪᠠᠢᠭᠤᠯᠤᠯᠲᠠ ᠲᠣᠭᠲᠠᠭᠤᠨ ᠪᠥᠭᠡᠳ ᠡᠮᠬᠢ ᠵᠢᠷᠤᠮ ᠲᠠᠢ᠃      ᠣᠶᠢᠯᠠᠭᠠᠭᠰᠠᠨ ᠢᠶᠠᠷ᠂ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠣᠷᠣᠵᠤ ᠭᠠᠷᠤᠭᠰᠠᠨ ᠠᠶᠠᠨᠴᠢᠳ ᠨᠡᠯᠢᠶᠡᠳ ᠤᠯᠠᠨ ᠥᠷᠲᠡᠭᠡ ᠳᠤ ᠵᠥᠩ ᠱᠠᠨ ᠵᠠᠮ ᠤᠨ ᠥᠷᠲᠡᠭᠡ᠂ ᠰᠢᠨᠬᠤᠸᠠ ᠲᠠᠯᠠᠪᠠᠶ ᠥᠷᠲᠡᠭᠡ᠂ ᠬᠥᠬᠡᠬᠤᠲᠠ ᠶᠢᠨ ᠵᠡᠭᠦᠨ ᠥᠷᠲᠡᠭᠡ᠂ ᠬᠥᠬᠡᠬᠤᠲᠠ ᠥᠷᠲᠡᠭᠡ᠂ ᠥᠪᠥᠷ ᠮᠣᠩᠭᠤᠯ ᠤᠨ ᠮᠦᠽᠧᠶ ᠶᠢᠨ ᠦᠷᠲᠡᠭᠡ᠂ ᠳ᠋ᠦᠩ ᠶᠢᠩ ᠵᠠᠮ ᠥᠷᠲᠡᠭᠡ ᠵᠡᠷᠭᠡ ᠪᠣᠶ᠃ ᠳᠡᠭᠡᠷ᠎ᠡ ᠳᠤᠷᠠᠳᠤᠭᠰᠠᠨ 6 ᠲᠡᠷᠭᠡᠨ ᠥᠷᠲᠡᠭᠡ ᠨᠢ ᠭᠤᠣᠯ ᠪᠣᠯᠬᠤ ᠬᠤᠳᠠᠯᠳᠤᠭᠠᠨ ᠤ ᠲᠣᠭᠤᠷᠢᠭ ᠤᠨ ᠲᠡᠷᠭᠡᠨ ᠥᠷᠲᠡᠭᠡ ᠪᠠ ᠵᠠᠮ ᠬᠠᠷᠢᠯᠴᠠᠭᠠᠨ ᠤ ᠬᠦᠢᠰᠦ ᠲᠡᠷᠭᠡᠨ ᠥᠷᠲᠡᠭᠡ ᠪᠣᠯᠣᠨ᠎ᠠ᠃ 6 ᠲᠡᠷᠭᠡᠨ ᠥᠷᠲᠡᠭᠡᠨ ᠤ ᠣᠷᠣᠵᠤ ᠭᠠᠷᠤᠭᠰᠠᠨ ᠠᠶᠠᠨᠴᠢᠳ ᠤᠨ ᠬᠡᠮᠵᠢᠶ᠎ᠡ ᠨᠢ ᠨᠡᠶᠢᠲᠡ ᠣᠷᠣᠵᠤ ᠭᠠᠷᠤᠭᠰᠠᠨ ᠠᠶᠠᠨᠴᠢᠳ ᠤᠨ ᠬᠡᠮᠵᠢᠶ᠎ᠡ ᠶᠢᠨ        41.61% ᠶᠢ ᠡᠵᠡᠯᠡᠪᠡ᠃ 5 ᠳ᠋ᠤᠭᠠᠷ ᠰᠠᠷ᠎ᠠ ᠶᠢᠨ 1 ᠤ ᠡᠳᠦᠷ᠂ ᠭᠠᠵᠠᠷ ᠳᠣᠣᠷᠠᠬᠢ ᠲᠡᠮᠦᠷ ᠵᠠᠮ ᠤᠨ 1 ᠳ᠋ᠦ᠋ᠭᠡᠷ ᠱᠤᠭᠤᠮ ᠤᠨ ᠬᠥᠬᠡᠬᠤᠲᠠ ᠶᠢᠨ ᠵᠡᠭᠦᠨ ᠥᠷᠲᠡᠭᠡᠨ ᠤ ᠠᠶᠠᠨᠴᠢᠳ ᠤᠨ ᠬᠡᠮᠵᠢᠶ᠎ᠡ 3.13 ᠲᠦᠮᠡᠨ ᠬᠥᠮᠦᠨ ᠤᠳᠠᠭ᠎ᠠ ᠳᠤ ᠬᠦᠷᠴᠦ᠂ ᠲᠤᠰ ᠥᠷᠲᠡᠭᠡᠨ ᠤ ᠲᠡᠦᠬᠡ ᠶᠢᠨ ᠬᠠᠮᠤᠭ ᠥᠨᠳᠥᠷ ᠲᠡᠮᠳᠡᠭᠯᠡᠯ ᠢ ᠡᠭᠦᠳᠴᠡᠢ᠃      ᠠᠶᠠᠨᠴᠢᠳ ᠤᠨ ᠭᠠᠵᠠᠷ ᠳᠣᠣᠷᠠᠬᠢ ᠭᠠᠯᠲᠤ ᠲᠡᠷᠭᠡᠨ ᠳᠤ ᠰᠠᠭᠤᠵᠤ ᠳᠥᠭᠦᠮ ᠲᠦᠳᠡ ᠶᠠᠪᠤᠬᠤ ᠶᠢ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠳᠤ 500 ᠭᠠᠷᠤᠢ ᠬᠦᠮᠦᠨ ᠤᠳᠠᠭ᠎ᠠ ᠶᠢᠨ ᠠᠵᠢᠯᠲᠠᠨ ᠨᠡᠮᠡᠨ ᠲᠤᠬᠢᠷᠠᠭᠤᠯᠪᠠ᠃ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠨᠢ 60 ᠨᠠᠰᠤᠨ ᠠᠴᠠ ᠳᠡᠭᠡᠭᠰᠢᠬᠢ ᠠᠶᠠᠨᠴᠢᠳ ᠰᠦᠢᠳᠭᠡᠯ ᠬᠤᠷᠢᠶᠠᠬᠤ ᠦᠭᠡᠢ ᠪᠠᠷ ᠭᠠᠵᠠᠷ ᠳᠣᠣᠷᠠᠬᠢ ᠭᠠᠯᠲᠤ ᠲᠡᠷᠭᠡᠨ ᠳᠤ ᠰᠠᠭᠤᠵᠤ ᠪᠣᠯᠤᠨ᠎ᠠ᠃ ᠪᠦᠬᠦ ᠤᠯᠤᠰ ᠤᠨ ᠰᠤᠷᠭᠠᠭᠤᠯᠢ ᠳᠤ ᠪᠠᠶᠢᠭ᠎ᠠ ᠣᠶᠤᠲᠠᠳ ᠰᠤᠷᠤᠭᠴᠢ ᠶᠢᠨ ᠺᠠᠷᠲ ᠢᠶᠠᠷ ᠪᠢᠯᠧᠲ ᠤᠨ ᠦᠨ᠎ᠡ ᠶᠢ ᠲᠠᠪᠤ ᠪᠠᠷ ᠨᠤᠭᠤᠯᠤᠨ ᠪᠣᠳᠣᠬᠤ ᠬᠠᠷᠠᠭᠠᠯᠵᠠᠯ ᠬᠦᠷᠲᠡᠵᠦ ᠪᠣᠯᠤᠨ᠎ᠠ᠃ ᠨᠠᠰᠤᠲᠠᠶᠢᠴᠤᠳ ᠤᠨ ᠵᠢᠰᠦ ᠪᠠᠨ ᠳᠠᠨᠢᠭᠤᠯᠵᠤ ᠲᠡᠷᠭᠡᠨ ᠳᠤ ᠰᠠᠭᠤᠬᠤ ᠴᠢᠳᠠᠮᠵᠢ ᠶᠢ ᠤᠷᠤᠭᠰᠢᠲᠠᠢ ᠨᠡᠭᠡᠭᠡᠬᠦ᠂ ᠤᠶᠤᠲᠠᠳ ᠤᠨ ᠺᠠᠷᠲ ᠬᠢᠯᠭᠡᠬᠦ ᠳᠤ ᠳᠥᠭᠦᠮ ᠦᠵᠡᠭᠦᠯᠬᠦ ᠶᠢᠨ ᠲᠥᠯᠥᠭᠡ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠭᠤᠣᠯᠳᠠᠯᠭ᠎ᠠ ᠲᠠᠢ ᠲᠡᠷᠭᠡᠨ ᠥᠷᠲᠡᠭᠡᠨ ᠳᠤ ᠠᠵᠢᠯᠲᠠᠨ ᠨᠡᠮᠡᠵᠦ᠂ ᠨᠠᠰᠤᠲᠠᠶᠢᠴᠤᠳ ᠢ ᠬᠠᠪᠰᠤᠷᠤᠨ ᠵᠢᠰᠦ ᠪᠠᠨ ᠳᠠᠨᠢᠭᠤᠯᠵᠤ ᠲᠡᠷᠭᠡᠨ ᠳᠤ ᠰᠠᠭᠤᠬᠤ ᠴᠢᠳᠠᠮᠵᠢ ᠪᠠ ᠤᠶᠤᠲᠠᠳ ᠤᠨ ᠺᠠᠷᠲ ᠲᠦᠷᠭᠡᠨ ᠬᠢᠯᠭᠡᠬᠦ ᠳᠤ ᠬᠠᠪᠰᠤᠷᠪᠠ᠃ ᠡᠭᠦᠨ ᠤ ᠬᠠᠮᠲᠤ᠂ ᠬᠥᠬᠡᠬᠤᠲᠠ ᠥᠷᠲᠡᠭᠡ᠂ ᠬᠥᠬᠡᠬᠤᠲᠠ ᠶᠢᠨ ᠵᠡᠭᠦᠨ ᠥᠷᠲᠡᠭᠡ᠂ ᠪᠠᠶᠠᠨ ︵ᠨᠢᠰᠬᠡᠯ ᠤᠨ ᠪᠠᠭᠤᠳᠠᠯ︶ ᠥᠷᠲᠡᠭᠡ ᠨᠢ ᠬᠥᠬᠡᠬᠤᠲᠠ ᠶᠢᠨ ᠭᠠᠯᠲᠤ ᠲᠡᠷᠭᠡᠨ ᠤ ᠥᠷᠲᠡᠭᠡ᠂ ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ ᠥᠷᠲᠡᠭᠡ ᠵᠢᠴᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠯᠤᠭ᠎ᠠ ᠢᠳᠡᠪᠬᠢᠲᠡᠶ ᠪᠠᠷ ᠨᠡᠪᠲᠡᠷᠡᠯᠴᠡᠵᠦ᠂ ᠬᠥᠬᠡᠬᠤᠲᠠ ᠳᠤ ᠢᠷᠡᠵᠦ ᠶᠠᠪᠤᠬᠤ ᠭᠠᠯᠲᠤ ᠲᠡᠷᠭᠡ ᠪᠠ ᠡᠭᠡᠯᠵᠢ ᠶᠢᠨ ᠨᠢᠰᠬᠡᠯ ᠤᠨ ᠮᠡᠳᠡᠭᠡ ᠵᠠᠩᠭᠢ ᠶᠢ ᠴᠠᠭ ᠢᠮᠠᠭᠲᠠ ᠠᠩᠬᠠᠷᠴᠤ᠂ ᠬᠥᠬᠡᠬᠤᠲᠠ ᠳᠤ ᠢᠷᠡᠵᠦ ᠶᠠᠪᠤᠬᠤ ᠠᠶᠠᠨᠴᠢᠳ ᠤᠨ ᠠᠮᠤᠷ ᠲᠦᠪᠰᠢᠨ᠂ ᠳᠥᠭᠦᠮ ᠳᠥᠲᠡ ᠶᠠᠪᠤᠵᠤ ᠰᠠᠭᠤᠬᠤ ᠶᠢ ᠪᠠᠲᠤᠯᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ