ᠭᠦᠭᠡᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠭᠦᠭᠡᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠥᠪᠥᠷ | ᠮᠣᠩᠭᠤᠯ ᠤᠨ ᠮᠥᠩᠭᠦᠨ ᠭᠦᠢᠯᠭᠡᠭᠡᠨ ᠤ ᠪᠡᠯᠡ ᠤᠷᠤᠭᠤᠯᠤᠯᠳᠠ ᠶᠢᠨ ᠪᠦᠯᠦᠭᠯᠡᠯ ᠺᠤᠮᠫᠠᠨᠢ ᠬᠠᠮᠲᠤ ᠪᠠᠷ ᠪᠡᠯᠡ ᠮᠥᠩᠭᠦ ᠭᠠᠷᠭᠠᠨ ︽1 ᠤᠳᠤᠷᠢᠳᠤᠮᠵᠢ ᠶᠢᠨ | ᠰᠠᠭᠤᠷᠢ ᠮᠥᠩᠭᠦ + 8 ᠠᠵᠤ ᠦᠢᠯᠡᠰ ᠤᠨ ᠡᠬᠡ ᠰᠠᠭᠤᠷᠢ ᠮᠥᠩᠭᠦ + 3 ᠴᠢᠳᠠᠮᠵᠢ ᠶᠢᠨ ᠡᠬᠡ ᠰᠠᠭᠤᠷᠢ ᠮᠥᠩᠭᠦ︾ ᠪᠠᠷ ᠪᠦᠷᠢᠯᠳᠦᠭᠰᠡᠨ 100 | ᠳ᠋ᠦᠩᠰᠢᠭᠤᠷ ᠲᠥᠭᠦᠷᠢᠭ ᠤᠨ ᠬᠡᠪᠴᠢᠶ᠎ᠡ ᠪᠦᠬᠦᠢ ᠰᠠᠭᠤᠷᠢ ᠮᠥᠩᠭᠦᠨ ᠤ ᠰᠢᠰᠲ᠋ᠧᠮ ᠢ ᠪᠠᠶᠢᠭᠤᠯᠵᠤ᠂ ᠭᠦᠭᠡᠬᠤᠳᠠ ᠶᠢᠨ ︽ᠵᠢᠷᠭᠤᠭᠠᠨ ᠶᠡᠭᠡ ᠠᠵᠤ ᠦᠢᠯᠡᠰ ᠤᠨ | ᠪᠦᠯᠦᠭᠵᠢᠯ︾ ᠤᠨ ᠬᠥᠭᠵᠢᠯᠲᠡ ᠶᠢ ᠤᠯᠠᠨ ᠲᠠᠯ᠎ᠠ ᠠᠴᠠ ᠳᠡᠮᠵᠢᠵᠦ ᠪᠠᠶᠢᠨ᠎ᠠ᠃ | ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠡᠯᠡ ᠤᠷᠤᠭᠤᠯᠤᠯᠳᠠ ᠶᠢᠨ ᠪᠦᠯᠦᠭᠯᠡᠯ ᠺᠤᠮᠫᠠᠨᠢ ᠭᠦᠭᠡᠬᠤᠳᠠ ᠶᠢᠨ ᠠᠷᠠᠳ ᠤᠨ ᠵᠠᠰᠠᠭ ᠤᠨ ᠣᠷᠳᠣᠨ | ᠤ ᠪᠡᠯᠡ ᠤᠷᠤᠭᠤᠯᠤᠯᠳᠠ ᠶᠢᠨ ᠰᠠᠭᠤᠷᠢ ᠮᠥᠩᠭᠦᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ᠂ ᠭᠦᠭᠡᠬᠤᠳᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯᠣᠨ ᠲᠣᠮᠣ ᠳ᠋ᠠᠶᠢᠲ᠋ᠠ ᠶᠢᠨ ᠲᠣᠪᠴᠢᠶ᠎ᠠ ᠲᠠᠢ ᠬᠠᠷᠢᠯᠴᠠᠵᠤ᠂ ᠠᠮᠢᠳᠤ ᠪᠣᠳᠠᠰ ᠤᠨ ᠡᠮ ᠡᠮᠨᠡᠯᠭᠡ | ᠶᠢᠨ ᠠᠵᠤ ᠦᠢᠯᠡᠰ ᠤᠨ ᠰᠠᠭᠤᠷᠢ ᠮᠥᠩᠭᠦ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠠᠭᠤᠷᠢ ᠮᠥᠩᠭᠦ ᠵᠢᠴᠢ ᠮᠡᠳᠡᠭᠡ ᠵᠠᠩᠭᠢ ᠶᠢᠨ ᠮᠡᠷᠭᠡᠵᠢᠯ ᠤᠨ ᠠᠵᠤ | ᠦᠢᠯᠡᠰ ᠤᠨ ᠰᠠᠭᠤᠷᠢ ᠮᠥᠩᠭᠦ ᠶᠢ ᠲᠥᠰᠥᠪᠯᠡᠨ ᠪᠠᠶᠢᠭᠤᠯᠬᠤ ᠠᠵᠢᠯ ᠢ ᠪᠦᠭᠦ ᠬᠦᠴᠦᠨ ᠢᠶᠠᠷ ᠠᠬᠢᠭᠤᠯᠤᠨ᠂ ᠣᠷᠣᠨ ᠪᠦᠰᠡ ᠶᠢᠨ ᠠᠵᠤ ᠦᠢᠯᠡᠰ ᠤᠨ ᠳᠡᠰ | ᠳᠡᠪᠰᠢᠯᠳᠡ ᠪᠠ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠴᠢᠷᠮᠠᠶᠢᠵᠤ ᠪᠠᠶᠢᠨ᠎ᠠ᠃ ᠡᠭᠦᠨ ᠳᠤ ᠠᠮᠢᠳᠤ ᠪᠣᠳᠠᠰ ᠤᠨ ᠡᠮ ᠡᠮᠨᠡᠯᠭᠡ ᠶᠢᠨ | ᠠᠵᠤ ᠦᠢᠯᠡᠰ ᠤᠨ ᠰᠠᠭᠤᠷᠢ ᠮᠥᠩᠭᠦ ᠪᠠᠷ ᠨᠡᠶᠢᠭᠡᠮ ᠤᠨ ᠪᠡᠯᠡ ᠤᠷᠤᠭᠤᠯᠤᠯᠳᠠ ᠶᠢ ᠲᠠᠲᠠᠵᠤ᠂ ᠰᠢᠨ᠎ᠡ ᠶᠢ ᠡᠭᠦᠳᠦᠭᠰᠡᠨ ᠡᠮ ᠤᠨ ᠵᠦᠢᠯᠡᠰ ᠢ ᠰᠤᠳᠤᠯᠤᠨ | ᠨᠡᠭᠡᠭᠡᠬᠦ᠂ ᠡᠮᠴᠢᠯᠡᠭᠡᠨ ᠤ ᠪᠠᠭᠠᠵᠢ ᠬᠡᠷᠡᠭᠰᠡᠯ ᠦᠢᠯᠡᠳᠬᠦ᠂ ᠠᠮᠢᠳᠤ ᠪᠣᠳᠠᠰ ᠤᠨ ᠮᠡᠷᠭᠡᠵᠢᠯ ᠤᠨ ᠦᠢᠯᠡᠴᠢᠯᠡᠭᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ | ᠭᠤᠣᠯᠳᠠᠯᠭ᠎ᠠ ᠲᠠᠢ ᠳᠡᠮᠵᠢᠨ᠎ᠠ᠃ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠠᠭᠤᠷᠢ ᠮᠥᠩᠭᠦ ᠪᠠᠷ ᠬᠤᠯᠪᠣᠭᠳᠠᠯ ᠪᠦᠬᠦᠢ ᠮᠡᠷᠭᠡᠵᠢᠯ ᠤᠨ ᠰᠤᠳᠤᠯᠭᠠᠨ ᠬᠢᠭᠡᠳ | ᠠᠵᠤ ᠦᠢᠯᠡᠰᠵᠢᠯᠲᠡ ᠳᠤ ᠪᠡᠯᠡ ᠮᠥᠩᠭᠦᠨ ᠤ ᠳᠡᠮᠵᠢᠯᠭᠡ ᠣᠯᠭᠤᠨ᠎ᠠ᠃ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠰᠠᠭᠤᠷᠢ ᠮᠥᠩᠭᠦ ᠪᠠᠷ ᠲᠣᠮᠣ | ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠦᠷᠢᠶ᠎ᠡ ᠶᠢ ᠭᠤᠣᠯᠳᠠᠯᠭ᠎ᠠ ᠲᠠᠢ ᠳᠡᠮᠵᠢᠬᠦ ᠪᠣᠯᠣᠨ᠎ᠠ᠃ | |