ᠭᠦᠭᠡᠬᠤᠲᠠ ᠶᠢᠨ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠣᠭᠤᠷᠢᠨ ᠤᠷᠢᠨ ᠡᠯᠰᠡᠬᠦ ᠴᠤᠭᠯᠠᠭᠠᠨ 4522 ᠠᠵᠢᠯ ᠤᠨ ᠪᠠᠶᠢᠷᠢ ᠬᠠᠩᠭᠠᠪᠠ
ᠨᠡᠶᠢᠲᠡᠯᠡᠭᠰᠡᠨ ᠴᠠᠭ᠄
2025/5/7
      ᠲᠦᠷᠦᠭᠦᠬᠡᠨ᠂ ᠭᠦᠭᠡᠬᠤᠲᠠ ᠶᠢᠨ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠣᠭᠤᠷᠢᠨ ᠤᠷᠢᠨ ᠡᠯᠰᠡᠬᠦ ᠴᠤᠭᠯᠠᠭᠠᠨ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠥᠷᠲᠡᠭᠡ︶ ᠭᠦᠭᠡᠬᠤᠲᠠ ᠳᠤ ᠶᠠᠪᠤᠭᠳᠠᠵᠤ᠂ 161 ᠬᠥᠮᠥᠨ ᠬᠡᠷᠡᠭᠯᠡᠬᠦ ᠨᠢᠭᠡᠴᠢ 4522 ᠠᠵᠢᠯ ᠤᠨ ᠪᠠᠶᠢᠷᠢ ᠬᠠᠩᠭᠠᠵᠤ᠂ 6000 ᠭᠠᠷᠤᠢ ᠰᠣᠷᠣᠬᠴᠢ ᠠᠵᠢᠯᠯᠠᠭ᠎ᠠ ᠳᠤ ᠣᠷᠣᠯᠴᠠᠵᠠᠢ᠃      ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠤᠷ᠎ᠠ ᠮᠡᠷᠭᠡᠵᠢᠯ ᠤᠨ ᠭᠡᠯᠪᠡᠷᠢ ᠶᠢᠨ ᠴᠢᠳᠠᠪᠤᠷᠢᠲᠠᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ 6 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠠᠢ ᠬᠤᠯᠪᠤᠭᠠᠯᠠᠨ᠂ ᠲᠡᠭᠦᠰᠬᠦ ᠰᠣᠷᠣᠬᠴᠢ ᠬᠢᠭᠡᠳ ᠬᠥᠮᠥᠨ ᠬᠡᠷᠡᠭᠯᠡᠬᠦ ᠨᠢᠭᠡᠴᠢ ᠳᠤ ᠥᠨᠳᠥᠷ ᠪᠦᠲᠦᠮᠵᠢᠲᠡᠶ ᠵᠣᠯᠭᠠᠯᠳᠤᠭᠤᠯᠬᠤ ᠲᠠᠪᠴᠠᠩ ᠪᠠᠶᠢᠭᠤᠯᠵᠤ᠂ ᠵᠠᠯᠠᠭᠤ ᠰᠤᠷᠤᠬᠴᠢᠳ ᠤᠨ ᠴᠢᠨᠠᠷ ᠰᠠᠶᠢᠲᠠᠢ ᠭᠦᠢᠴᠡᠳ ᠠᠵᠢᠯ ᠣᠯᠬᠤ ᠶᠢ ᠠᠬᠢᠭᠤᠯᠪᠠ᠃ ᠰᠦᠯᠵᠢᠶᠡᠨ ᠳᠡᠭᠡᠷ᠎ᠡ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠶᠢᠴᠢᠯᠠᠬᠤ︾ ᠶᠢ ᠵᠡᠷᠭᠡ ᠪᠠᠷ ᠥᠷᠨᠢᠭᠦᠯᠵᠦ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠨᠡᠶᠢᠲᠡ 1054 ᠬᠤᠪᠢ ᠲᠣᠪᠴᠢ ᠨᠠᠮᠲᠠᠷ ᠭᠥᠯᠢᠶᠡᠨ ᠠᠪᠴᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 5000 ᠭᠠᠷᠤᠢ ᠬᠤᠪᠢ ᠲᠠᠷᠬᠠᠭᠠᠪᠠ᠃      ᠤᠷᠢᠨ ᠡᠯᠰᠡᠬᠦ ᠲᠤᠬᠠᠢ ᠶᠢᠨ ᠲᠠᠯᠠᠪᠠᠶ ᠳᠤ ᠲᠥᠪ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠲᠠᠪᠤᠨ ᠶᠡᠭᠡ ᠤᠷᠢᠨ ᠡᠯᠰᠡᠬᠦ ᠲᠤᠰᠬᠠᠢ ᠲᠣᠭᠤᠷᠢᠭ ᠭᠠᠷᠭᠠᠵᠤ᠂ ᠠᠵᠢᠯ ᠡᠷᠢᠭᠰᠡᠳ ᠤᠨ ᠠᠳᠠᠯᠢ ᠪᠤᠰᠤ ᠬᠡᠷᠡᠭᠴᠡᠭᠡ ᠶᠢ ᠣᠨᠣᠪᠴᠢᠲᠠᠶ ᠲᠣᠬᠢᠷᠠᠭᠤᠯᠵᠠᠢ᠃ ᠠᠵᠢᠯᠲᠠᠳ ᠪᠠᠰᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ᠂ ᠡᠷᠦᠭᠡ ᠠᠮᠠ ᠶᠢᠨ ᠳᠠᠩᠰᠠ ᠣᠷᠣᠭᠤᠯᠬᠤ ᠪᠠ ᠣᠷᠣᠨ ᠰᠠᠭᠤᠴᠠ᠂ ᠠᠵᠤ ᠠᠬᠤᠶᠢᠯᠠᠯ ᠤᠨ ᠲᠡᠭᠦᠰᠬᠦ ᠣᠶᠤᠲᠠᠳ ᠢ ᠰᠢᠩᠭᠡᠬᠡᠨ ᠠᠪᠴᠤ ᠠᠵᠢᠯ ᠣᠯᠭᠤᠬᠤ ᠨᠥᠬᠦᠪᠦᠷᠢ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠪᠥᠭᠡᠳ ᠰᠦᠯᠵᠢᠶᠡᠨ ᠳᠡᠭᠡᠷ᠎ᠡ ᠠᠵᠢᠯ ᠡᠷᠢᠬᠦ ᠠᠷᠭ᠎ᠠ ᠵᠠᠮ ᠢ ᠨᠠᠪᠲᠠᠷᠡᠭᠦᠯᠵᠦ᠂ ᠠᠵᠢᠯ ᠡᠷᠢᠭᠰᠡᠳ ᠬᠢᠭᠡᠳ ᠬᠥᠮᠥᠨ ᠬᠡᠷᠡᠭᠯᠡᠬᠦ ᠨᠢᠭᠡᠴᠢ ᠳᠤ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠳᠥᠭᠦᠮ ᠳᠥᠲᠡ ᠦᠢᠯᠡᠴᠢᠯᠡᠭᠡ ᠬᠠᠩᠭᠠᠪᠠ᠃ ᠤᠷᠢᠨ ᠡᠯᠰᠡᠬᠦ  ᠴᠤᠭᠯᠠᠭᠠᠨ ᠨᠢ   ᠪᠠᠰᠠ ︽ᠴᠠᠬᠢᠷᠮ᠎ᠠ ᠴᠡᠴᠡᠭ ᠤᠨ  ᠦᠢᠯᠡᠰ ᠪᠣᠰᠬᠠᠬᠤ ᠪᠣᠯᠪᠠᠰᠤᠷᠠᠯ︾ ᠢ ᠵᠡᠷᠭᠡ ᠪᠠᠷ ᠡᠬᠢᠯᠡᠭᠦᠯᠵᠦ᠂ ᠵᠠᠯᠠᠭᠤ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢᠨ ᠲᠣᠭᠤᠷᠢᠨ ᠳᠤ᠂ ︽ᠠᠵᠢᠯ ᠣᠯᠭᠤᠯᠲᠠ +  ᠦᠢᠯᠡᠰ ᠪᠣᠰᠬᠠᠬᠤ︾ ᠬᠤᠣᠰ ᠬᠥᠭᠵᠢᠯᠲᠡ ᠶᠢᠨ ᠠᠷᠭ᠎ᠠ ᠵᠠᠮ ᠢ ᠪᠠᠶᠢᠭᠤᠯᠵᠤ᠂ 150 ᠣᠶᠤᠲᠠᠨ ᠢ ᠲᠡᠳᠡᠨ ᠢᠳᠡᠪᠬᠢᠲᠡᠢ ᠣᠷᠣᠯᠴᠠᠭᠤᠯᠵᠤ᠂ ᠦᠢᠯᠡᠰ ᠪᠣᠰᠬᠠᠬᠤ ᠬᠦᠰᠡᠯ ᠡᠷᠡᠮᠡᠯᠵᠡᠯ ᠲᠠᠢ ᠰᠤᠷᠤᠬᠴᠢᠳ ᠲᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠳᠦᠯᠭᠡ ᠶᠢᠨ ᠬᠥᠳᠡᠯᠭᠡᠭᠴᠢ ᠡᠨᠧᠷᠭᠢ ᠨᠡᠮᠡᠷᠢᠯᠡᠵᠡᠢ᠃      ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠭᠦᠭᠡᠬᠤᠲᠠ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠷᠡᠭᠴᠡᠭᠡ ᠳᠤ ᠴᠢᠭᠯᠡᠭᠦᠯᠦᠨ ︽ᠵᠢᠵᠢᠭ ᠮᠥᠷᠲᠡᠭᠡᠨ ᠰᠢᠯᠢᠳᠡᠭ᠂ ᠲᠤᠰᠬᠠᠢ ᠮᠥᠷᠲᠡᠭᠡᠨ ᠰᠢᠯᠢᠳᠡᠭ︾ ᠲᠣᠭᠤᠷᠢᠨ ᠤᠷᠢᠨ ᠡᠯᠰᠡᠬᠦ ᠴᠤᠭᠯᠠᠭᠠᠨ ᠪᠣᠯᠣᠨ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠶᠢᠴᠢᠯᠠᠬᠤ︾ ᠠᠵᠢᠯᠯᠠᠭ᠎ᠠ ᠶᠢ ᠨᠠᠷᠢᠨ ᠨᠢᠮᠪᠠᠢ ᠥᠷᠨᠢᠭᠦᠯᠬᠦ ᠶᠢᠨ ᠬᠠᠮᠲᠤ ︽ᠴᠢᠳᠠᠪᠤᠷᠢᠲᠠᠨ ᠢ ᠨᠥᠭᠡᠴᠡᠯᠡᠬᠦ︾᠂ ︽ᠠᠵᠢᠯ ᠣᠯᠭᠤᠯᠲᠠ ᠶᠢᠨ ᠳᠠᠳᠤᠯᠭ᠎ᠠ︾ ᠵᠡᠷᠭᠡ ᠠᠵᠢᠯ ᠣᠯᠭᠤᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠠᠩᠭᠠᠯᠭ᠎ᠠ ᠬᠡᠷᠡᠭᠴᠡᠭᠡ ᠶᠢ ᠨᠡᠪᠲᠡᠷᠡᠯᠴᠡᠭᠦᠯᠦᠨ ᠵᠣᠯᠭᠠᠭᠤᠯᠬᠤ ᠬᠥᠭᠦᠷᠭᠡ ᠶᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠬᠤ ᠳᠤ ᠬᠦᠴᠦᠨ ᠨᠡᠮᠡᠷᠢᠯᠡᠨ᠎ᠡ ᠭᠡᠪᠡ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ