︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠰᠢᠶᠠᠩ ᠵᠢᠶᠠᠩ ᠰᠢᠨᠵᠢᠯᠡᠬᠦ ᠤᠬᠠᠭᠠᠨ ᠮᠡᠷᠭᠡᠵᠢᠯ ᠤᠨ ︵ᠪᠦᠯᠦᠭᠯᠡᠯ︶ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠪᠦᠷᠢᠨ ᠡᠵᠡᠮᠰᠢᠳᠡᠭ ᠥᠬᠢᠨ ᠺᠣᠮᠫᠠᠨᠢ ᠡᠭᠦᠯᠡᠨ ᠰᠠᠭᠤᠷᠢ ︵ᠬᠥᠬᠡᠬᠤᠲᠠ︶ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠷᠢᠨᠭᠡᠷ ᠰᠢᠨ᠎ᠡ | ᠲᠣᠭᠤᠷᠢᠭ ᠲᠤ ᠳᠠᠩᠰᠠᠯᠠᠭᠤᠯᠤᠭᠰᠠᠨ ᠨᠢ ᠲᠣᠰ ᠠᠵᠤ ᠠᠬᠤᠶᠢᠯᠠᠯ ᠤᠨ ᠬᠤᠷᠢᠨᠭᠡᠷ ᠰᠢᠨ᠎ᠡ ᠲᠣᠭᠤᠷᠢᠭ ᠲᠤ ᠵᠢᠩᠬᠢᠨᠢ ᠪᠠᠷ ᠰᠠᠭᠤᠷᠢᠰᠢᠭᠰᠠᠨ ᠢ ᠬᠠᠷᠠᠭᠤᠯᠵᠤ | ᠪᠠᠶᠢᠨ᠎ᠠ᠃ ᠲᠣᠰ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠨᠢ ᠰᠢᠶᠠᠩ ᠵᠢᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠪᠥᠬᠦ ᠤᠯᠤᠰ ᠤᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠠᠩᠭᠢᠯᠠᠭ᠎ᠠ ᠶᠢᠨ ᠨᠢᠭᠡ ᠠᠯᠬᠤᠮ ᠪᠣᠯᠬᠤ ᠪᠠᠷ ᠪᠠᠷᠠᠬᠤ ᠥᠬᠡᠶ᠂ ᠨᠠᠩ ᠴᠤ ᠬᠤᠷᠢᠨᠭᠡᠷ ᠰᠢᠨ᠎ᠡ ᠲᠣᠭᠤᠷᠢᠭ ᠤᠨ | ︽ᠳᠤᠮᠳᠠᠳᠤ ᠤᠯᠤᠰ ᠤᠨ ᠡᠭᠦᠯᠡᠨ ᠬᠥᠨᠳᠡᠶ︾ ᠶᠢ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠡᠭᠦᠯᠡᠨ ᠰᠠᠭᠤᠷᠢ ︵ᠬᠥᠬᠡᠬᠤᠲᠠ︶ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷᠤᠭ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠬᠥᠬᠡᠬᠤᠲᠠ ᠶᠢᠨ ᠲᠤᠭ᠎ᠠ ᠪᠠᠷᠢᠮᠲᠠ ᠶᠢᠨ ᠲᠥᠪ ᠤᠨ ᠬᠦᠷᠢᠶᠡᠯᠡᠩ ᠲᠣᠭᠤᠷᠢᠭ ᠲᠤ ᠬᠤᠶᠠᠷ | ᠲᠤᠭ᠎ᠠ ᠪᠠᠷᠢᠮᠲᠠ ᠶᠢᠨ ᠲᠥᠪ ᠪᠠᠶᠢᠭᠤᠯᠵᠤ᠂ ᠲᠤᠭ᠎ᠠ ᠪᠠᠷᠢᠮᠲᠠ ᠶᠢᠨ ᠲᠥᠪ ᠤᠨ ᠴᠠᠶᠢᠶᠤᠤ ᠴᠠᠬᠢᠯᠭᠠᠨ ᠭᠠᠷᠭᠠᠬᠤ ᠲᠥᠬᠦᠭᠡᠷᠦᠮᠵᠢ᠂ ᠮᠠᠰᠢᠨ ᠴᠠᠬᠢᠯᠭᠠᠨ ᠤ | ᠲᠥᠬᠦᠭᠡᠷᠦᠮᠵᠢ᠂ ᠳᠤᠯᠠᠭᠠᠯᠠᠭ᠎ᠠ ᠰᠠᠯᠬᠢ ᠨᠡᠪᠲᠡᠷᠡᠭᠦᠯᠬᠦ ᠲᠥᠬᠦᠭᠡᠷᠦᠮᠵᠢ᠂ ᠤᠶᠤᠨᠴᠢᠯᠠᠭᠰᠠᠨ ᠲᠥᠬᠦᠭᠡᠷᠦᠮᠵᠢ ᠵᠢᠴᠢ ᠬᠤᠶᠢᠰᠢᠳᠠ ᠶᠢᠨ ᠲᠤᠭ᠎ᠠ ᠪᠠᠷᠢᠮᠲᠠ ᠶᠢᠨ | ᠲᠥᠪ ᠤᠨ ᠠᠷᠠᠴᠢᠯᠠᠵᠤ ᠬᠠᠮᠠᠭᠠᠯᠠᠬᠤ ᠦᠢᠯᠡᠴᠢᠯᠡᠭᠡ ᠶᠢ ᠪᠠᠭᠲᠠᠭᠠᠨ᠎ᠠ᠃ ᠲᠣᠰ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ | ᠭᠠᠭᠴᠠ ᠲᠤᠭ᠎ᠠ ᠪᠠᠷᠢᠮᠲᠠ ᠶᠢᠨ ᠲᠥᠪ ᠤᠨ ᠪᠠᠭᠲᠠᠭᠠᠮᠵᠢ ᠨᠢ 30 ᠰᠠᠶ᠎ᠠ ᠸᠠᠲ ᠲᠤ ᠬᠦᠷᠴᠦ᠂ ᠦᠢᠯᠡᠳᠪᠦᠷᠢᠯᠡᠭᠰᠡᠨ ᠪᠤᠳᠤᠯᠭ᠎ᠠ ᠶᠢᠨ ᠬᠦᠴᠦᠨ ᠤ ᠡᠬᠢ | ᠪᠠᠶᠠᠯᠢᠭ ᠢ ᠬᠠᠨᠳᠤᠯᠭ᠎ᠠ ᠲᠠᠢ ᠪᠠᠷ ᠭᠠᠯᠲᠤ ᠠᠭᠤᠯᠠ ᠬᠥᠳᠡᠯᠭᠡᠭᠦᠷ ᠲᠤ ᠬᠠᠩᠭᠠᠵᠤ᠂ ᠠᠵᠤ ᠠᠬᠤᠶᠢᠯᠠᠯ ᠤᠨ ᠬᠤᠭᠤᠷᠣᠨᠳᠣᠬᠢ ᠪᠤᠳᠤᠯᠭ᠎ᠠ ᠶᠢᠨ ᠬᠦᠴᠦᠨ ᠤ | ᠬᠠᠮᠵᠢᠯᠴᠠᠭ᠎ᠠ ᠪᠠ ᠠᠮᠢ ᠠᠬᠤᠶ ᠶᠢ ᠬᠠᠮᠲᠤ ᠪᠠᠷ ᠪᠥᠲᠥᠭᠡᠨ ᠪᠠᠶᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ᠲᠤᠭ᠎ᠠ ᠪᠠᠷᠢᠮᠲᠠ ᠶᠢᠨ ᠲᠥᠪ ᠤᠨ ᠦᠢᠯᠡᠴᠢᠯᠡᠭᠡᠨ ᠤ ᠬᠦᠷᠢᠶᠡᠨ ᠳᠤ ᠦᠨᠳᠦᠰᠦᠯᠡᠭᠡᠳ 20 ᠵᠢᠯ ᠢ ᠳᠠᠪᠠᠭᠰᠠᠨ ᠠᠵᠢᠯ ᠲᠥᠷᠥᠯ ᠤᠨ ᠳᠠᠭᠠᠭᠤᠯᠤᠭᠴᠢ | ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠰᠢᠶᠠᠩ ᠵᠢᠶᠠᠩ ᠰᠢᠨᠵᠢᠯᠡᠬᠦ ᠤᠬᠠᠭᠠᠨ ᠮᠡᠷᠭᠡᠵᠢᠯ ᠨᠢ IDC ᠠᠵᠢᠯ ᠲᠥᠷᠥᠯ ᠤᠨ ᠪᠥᠬᠦ ᠠᠵᠤ ᠦᠢᠯᠡᠰ ᠤᠨ | ᠬᠡᠯᠬᠢᠶ᠎ᠡ ᠶᠢ ᠬᠠᠮᠤᠷᠤᠭᠰᠠᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠬᠦᠷᠢᠶ᠎ᠡ ᠨᠢ ᠦᠢᠯᠡᠳᠬᠦᠨ ᠢ ᠰᠤᠳᠤᠯᠤᠨ ᠨᠡᠭᠡᠭᠡᠬᠦ᠂ | ᠰᠢᠰᠲ᠋ᠧᠮ ᠤᠨ ᠨᠡᠶᠢᠳᠬᠡᠯ᠂ ᠪᠠᠯᠠ ᠣᠷᠣᠭᠤᠯᠤᠯᠲᠠ ᠶᠢᠨ ᠡᠵᠡᠩᠨᠡᠯᠲᠡ ᠵᠢᠴᠢ ᠡᠭᠦᠯᠡᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡ ᠵᠡᠷᠭᠡ ᠣᠯᠠᠨ ᠲᠠᠯ᠎ᠠ ᠳᠤ | ᠬᠤᠯᠪᠤᠭᠳᠠᠨ᠎ᠠ᠃ ᠣᠳᠣᠬᠠᠨ ᠳᠤ᠂ ᠰᠢᠶᠠᠩ ᠵᠢᠶᠠᠩ ᠰᠢᠨᠵᠢᠯᠡᠬᠦ ᠤᠬᠠᠭᠠᠨ ᠮᠡᠷᠭᠡᠵᠢᠯ ᠨᠢ ᠳᠣᠷᠣᠨᠠᠲᠤ ᠣᠷᠣᠨ ᠳᠤ ᠨᠢᠭᠡᠨᠲᠡ 5 ᠣᠶᠤᠨᠴᠢ ᠪᠣᠳᠣᠯᠭ᠎ᠠ ᠶᠢᠨ | ᠲᠥᠪ ᠪᠠᠶᠢᠭᠤᠯᠵᠤ᠂ ᠡᠵᠡᠩᠨᠡᠵᠦ ᠪᠠᠶᠢᠭ᠎ᠠ ᠪᠠᠷᠢᠯᠭ᠎ᠠ ᠶᠢᠨ ᠲᠠᠯᠠᠪᠠᠢ ᠨᠢ 45.5 ᠲᠦᠮᠡᠨ ᠲᠡᠭᠰᠢ ᠳᠥᠷᠪᠡᠯᠵᠢᠨ ᠮᠧᠲᠷ ᠬᠦᠷᠴᠦ᠂ ᠡᠵᠡᠩᠨᠡᠯᠲᠡ ᠶᠢᠨ | ᠬᠡᠪᠴᠢᠶ᠎ᠡ ᠨᠢ 400 ᠰᠠᠶ᠎ᠠ ᠸᠠᠲ ᠠᠴᠠ ᠳᠠᠪᠠᠵᠤ᠂ ᠦᠢᠯᠡᠴᠢᠯᠡᠭᠡᠨ ᠤ ᠲᠤᠤᠷ ᠰᠦᠯᠵᠢᠶ᠎ᠡ ᠨᠢ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ | ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠪᠤᠰᠢᠭᠤ ᠭᠠᠷ᠂ ᠲᠢᠺ ᠲᠤᠺ᠂ ᠬᠤᠸᠠ ᠸᠧᠢ ᠵᠡᠷᠭᠡ ᠮᠠᠰᠢ ᠤᠯᠠᠨ | ᠠᠵᠢᠯ ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠢ ᠬᠠᠮᠤᠷᠴᠤ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠨᠢ ᠪᠦᠬᠦ ᠤᠯᠤᠰ ᠢ ᠨᠥᠯᠥᠭᠡᠯᠡᠭᠰᠡᠨ ᠪᠠᠶᠢᠨ᠎ᠠ᠃ | ᠲᠣᠰ ᠤᠳᠠᠭ᠎ᠠ ᠰᠢᠶᠠᠩ ᠵᠢᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠷᠢᠨ ᠡᠵᠡᠮᠰᠢᠳᠡᠭ ᠥᠬᠢᠨ ᠺᠣᠮᠫᠠᠨᠢ ᠬᠤᠷᠢᠨᠭᠡᠷ ᠰᠢᠨ᠎ᠡ ᠲᠣᠭᠤᠷᠢᠭ ᠲᠤ | ᠰᠠᠭᠤᠷᠢᠰᠢᠭᠰᠠᠨ ᠨᠢ ᠶᠠᠭ ᠲᠡᠳᠡᠨ ᠤ ᠪᠣᠯᠪᠠᠰᠤᠷᠠᠩᠭᠤᠶ ᠡᠵᠡᠩᠨᠡᠯᠲᠡ ᠶᠢᠨ ᠲᠤᠷᠰᠢᠯᠭ᠎ᠠ ᠪᠠ ᠮᠡᠷᠭᠡᠵᠢᠯ ᠤᠨ ᠳᠠᠪᠠᠭᠤᠯᠢᠭ ᠲᠤ ᠪᠠᠨ ᠲᠦᠰᠢᠭᠯᠡᠨ᠂ ᠤᠮᠠᠷᠠᠲᠤ | ᠣᠷᠣᠨ ᠤ ᠪᠤᠳᠤᠯᠭ᠎ᠠ ᠶᠢᠨ ᠬᠦᠴᠦᠨ ᠤ ᠵᠠᠬ᠎ᠠ ᠳᠡᠯᠭᠡᠭᠦᠷ ᠢ ᠨᠡᠭᠡᠭᠡᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ |