︵ᠰᠤᠷᠪᠤᠯᠵᠢᠯᠠᠭᠴᠢ ᠳ᠋ᠢᠩ ᠴᠧᠨ︶ 5 ᠳ᠋ᠤᠭᠠᠷ ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠮᠡᠳᠡᠭᠳᠡᠯ ᠪᠠᠭᠤᠯᠭᠠᠵᠤ᠂ ︽ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠶᠢᠨ ᠬᠦᠦ ᠨᠣᠷᠮ᠎ᠠ ᠶᠢ ᠪᠠᠭᠤᠷᠠᠭᠤᠯᠬᠤ ᠲᠤᠬᠠᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ︾ ᠤᠨ ᠵᠣᠷᠢᠭ | ᠰᠠᠨᠠᠭ᠎ᠠ ᠶᠢ ᠦᠨᠳᠦᠰᠦᠯᠡᠨ᠂ 2025 ᠣᠨ ᠤ 5 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠨ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ | ᠬᠦᠦ ᠨᠣᠷᠮ᠎ᠠ ᠶᠢ 0.25 ᠵᠠᠭᠤᠨ ᠤ ᠨᠢᠭᠡᠴᠢ ᠪᠠᠭᠤᠷᠠᠭᠤᠯᠪᠠ᠃ | ᠮᠡᠳᠡᠭᠳᠡᠯ ᠤᠨ ᠪᠣᠳᠠᠲᠠᠶ ᠠᠭᠤᠯᠭ᠎ᠠ ᠨᠢ᠄ 5 ᠵᠢᠯ ᠠᠴᠠ ᠳᠣᠷᠣᠭᠰᠢ ︵5 ᠵᠢᠯ ᠢ ᠪᠠᠭᠲᠠᠭᠠᠨ᠎ᠠ︶ ᠪᠠ 5 ᠵᠢᠯ ᠠᠴᠠ ᠳᠡᠭᠡᠭᠰᠢ ᠠᠩᠬᠠᠳᠠᠭᠴᠢ ᠬᠤᠪᠢ | ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ ᠲᠣᠰ ᠲᠣᠰ 2.1% | ᠪᠠ 2.6% ᠪᠣᠯᠭᠠᠨ ᠲᠣᠬᠢᠷᠠᠭᠤᠯᠤᠨ᠎ᠠ᠃ 5 ᠵᠢᠯ ᠠᠴᠠ ᠳᠣᠷᠣᠭᠰᠢ ︵5 ᠵᠢᠯ ᠢ ᠪᠠᠭᠲᠠᠭᠠᠨ᠎ᠠ︶ ᠪᠠ 5 ᠵᠢᠯ ᠠᠴᠠ ᠳᠡᠭᠡᠭᠰᠢᠬᠢ ᠬᠤᠶᠠᠳᠤᠭᠠᠷ ᠢᠵᠢ ᠬᠤᠪᠢ | ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠶᠢᠨ ᠨᠣᠷᠮ᠎ᠠ ᠶᠢ ᠲᠣᠰ ᠲᠣᠰ 2.525% ᠪᠠ | 3.075% ᠠᠴᠠ ᠳᠣᠣᠷ᠎ᠠ ᠪᠠᠶᠢᠯᠭᠠᠬᠤ ᠦᠭᠡᠢ ᠪᠠᠷ ᠲᠣᠬᠢᠷᠠᠭᠤᠯᠤᠨ᠎ᠠ᠃ 2025 ᠣᠨ ᠤ 5 ᠳ᠋ᠤᠭᠠᠷ ᠰᠠᠷ᠎ᠠ ᠶᠢᠨ 8 ᠤ ᠡᠳᠦᠷ ᠠᠴᠠ ᠡᠮᠦᠨ᠎ᠡ ᠨᠢᠭᠡᠨᠲᠡ | ᠪᠠᠭᠤᠯᠭᠠᠭᠰᠠᠨ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ 2026 ᠣᠨ ᠤ 1 ᠳ᠋ᠦ᠋ᠭᠡᠷ | ᠰᠠᠷ᠎ᠠ ᠶᠢᠨ 1 ᠤ ᠡᠳᠦᠷ ᠠᠴᠠ ᠡᠬᠢᠯᠡᠨ ᠬᠦᠤ ᠮᠥᠩᠭᠦ ᠶᠢᠨ ᠨᠣᠷᠮ᠎ᠠ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠨ᠎ᠡ᠃ 2025 ᠣᠨ ᠤ 5 ᠳ᠋ᠤᠭᠠᠷ ᠰᠠᠷ᠎ᠠ ᠶᠢᠨ | 8 ᠤ ᠡᠳᠦᠷ ᠠᠴᠠ ᠡᠮᠦᠨ᠎ᠡ ᠨᠢᠭᠡᠨᠲᠡ ᠭᠥᠯᠢᠶᠡᠨ ᠠᠪᠴᠤ ᠰᠢᠢᠳᠪᠦᠷᠢᠯᠡᠭᠰᠡᠨ ᠪᠣᠯᠪᠠᠴᠤ ᠪᠠᠭᠤᠯᠭᠠᠭ᠎ᠠ ᠥᠬᠡᠶ ᠬᠤᠪᠢ ᠬᠥᠮᠦᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ᠂ ᠪᠠᠭᠤᠯᠭᠠᠬᠤ ᠦᠶ᠎ᠡ ᠳᠤ ᠬᠦᠤ ᠮᠥᠩᠭᠦ ᠶᠢᠨ ᠨᠣᠷᠮ᠎ᠠ ᠶᠢᠨ ᠰᠢᠨ᠎ᠡ ᠪᠠᠷᠢᠮᠵᠢᠶ᠎ᠠ ᠶᠢ | ᠬᠡᠷᠡᠭᠵᠢᠭᠦᠯᠦᠨ᠎ᠡ᠃ |