ᠰᠢ ᠶᠢᠨ ᠫᠢᠩ ︽ᠡᠩᠬᠡ ᠲᠠᠶᠢᠪᠤᠩ ᠤᠨ ᠭᠠᠯ ᠪᠠᠮᠪᠠᠷ  ᠴᠠᠭ ᠦᠶ᠎ᠡ ᠶᠢᠨ ᠰᠢᠨ᠎ᠡ ᠬᠠᠭᠤᠳᠠᠰᠤ — ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠪᠣᠯᠣᠨ ᠵᠥᠪᠯᠡᠯᠲᠦ ᠶᠢᠨ ᠤᠯᠤᠰ ᠢᠶᠠᠨ ᠬᠠᠮᠠᠭᠠᠯᠠᠬᠤ ᠠᠭᠤᠤ ᠶᠡᠭᠡ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠳᠤᠮᠳᠠᠳᠤ ᠣᠷᠣᠰ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ︾ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2025/5/8
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 7 ᠤ ᠴᠠᠭᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠡᠩᠬᠡ ᠲᠠᠶᠢᠪᠤᠩ ᠤᠨ ᠭᠠᠯ ᠪᠠᠮᠪᠠᠷ  ᠴᠠᠭ ᠦᠶ᠎ᠡ ᠶᠢᠨ ᠰᠢᠨ᠎ᠡ ᠬᠠᠭᠤᠳᠠᠰᠤ — ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠪᠣᠯᠣᠨ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠡᠶᠢᠨ ᠤ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠳᠤᠮᠳᠠᠳᠤ ᠣᠷᠣᠰ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ︾ ᠳᠤ ᠪᠠᠶᠠᠷ ᠤᠨ ᠵᠠᠬᠢᠳᠠᠯ ᠢᠯᠡᠭᠡᠪᠡ᠃  ᠰᠢ ᠶᠢᠨ ᠫᠢᠩ᠂ 80 ᠵᠢᠯ ᠤᠨ ᠡᠮᠦᠨ᠎ᠡ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠤᠷᠤᠰ ᠤᠨ ᠠᠷᠠᠳ ᠲᠦᠮᠡᠨ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠬᠤ ᠳᠤ ᠪᠠᠯᠠᠷᠠᠰᠢ ᠦᠭᠡᠢ ᠲᠡᠦᠬᠡᠲᠦ ᠬᠤᠪᠢ ᠨᠡᠮᠡᠷᠢ ᠦᠵᠡᠭᠦᠯᠵᠦ᠂ ᠠᠷᠢᠭᠤᠨ ᠴᠢᠰᠤ ᠪᠠᠷ ᠢᠶᠠᠨ ᠡᠪᠳᠡᠷᠡᠰᠢ ᠦᠭᠡᠢ ᠪᠠᠲᠤ ᠪᠠᠬᠢ ᠠᠭᠤᠤ ᠶᠡᠭᠡ ᠨᠥᠬᠦᠷᠯᠡᠯ ᠢ ᠪᠠᠶᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠥᠨᠳᠥᠷ ᠲᠦᠪᠰᠢᠨ ᠪᠦᠬᠦᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ 80 ᠵᠢᠯ ᠤᠨ ᠳᠠᠷᠠᠭᠠᠬᠢ ᠥᠨᠥᠳᠥᠷ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠤᠮᠳᠠᠳᠤ ᠣᠷᠣᠰ ᠤᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠵᠤ᠂ ᠰᠢᠨ᠎ᠡ ᠭᠡᠯᠪᠡᠷᠢ ᠶᠢᠨ ᠲᠣᠮᠣ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠱᠤᠭᠤᠵᠠᠢ ᠭᠡᠵᠦ ᠵᠢᠭᠠᠵᠤ ᠭᠠᠷᠭᠠᠪᠠ᠃  ᠰᠢ ᠶᠢᠨ ᠫᠢᠩ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠬᠤ ᠨᠢ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠡᠶᠡᠯᠳᠡᠭ ᠬᠥᠷᠰᠢ ᠶᠢᠨ ᠨᠥᠬᠦᠷᠯᠡᠯ ᠢ ᠪᠠᠳᠠᠷᠠᠭᠤᠯᠬᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢᠨ ᠨᠡᠶᠢᠭᠡᠮ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠬᠦ ᠳᠤ ᠴᠢᠬᠤᠯᠠ ᠪᠥᠭᠡᠳ ᠠᠯᠤᠰ ᠭᠡᠳᠤ ᠶᠢᠨ ᠠᠴᠢ ᠬᠤᠯᠪᠣᠭᠳᠠᠯ ᠲᠠᠢ ᠶᠤᠮ᠃ ᠬᠤᠶᠠᠷ ᠤᠯᠤᠰ ᠤᠨ ᠵᠠᠭᠤᠴᠢᠯᠠᠭᠤᠷ ᠬᠠᠮᠲᠤ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠠᠷᠠᠳ ᠤᠨ ᠰᠡᠳᠬᠢᠯ ᠢ ᠬᠤᠯᠪᠣᠭᠰᠠᠨ᠂ ᠤᠯᠠᠨ ᠲᠦᠮᠡᠨ ᠲᠠᠢ ᠣᠶᠢᠷᠠᠲᠤᠭᠰᠠᠨ᠂ ᠬᠠᠶᠢᠷ᠎ᠠ ᠰᠡᠳᠬᠢᠯᠭᠡ ᠲᠠᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠢᠯᠡᠭᠦᠬᠡᠨ ᠥᠷᠨᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠳᠤ ᠰᠢᠨ᠎ᠡ ᠭᠡᠷᠡᠯ ᠭᠢᠯᠪᠠᠭ᠎ᠠ ᠨᠡᠮᠡᠷᠢᠯᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃  ︽ᠡᠩᠬᠡ ᠲᠠᠶᠢᠪᠤᠩ ᠤᠨ ᠭᠠᠯ ᠪᠠᠮᠪᠠᠷ  ᠴᠠᠭ ᠦᠶ᠎ᠡ ᠶᠢᠨ ᠰᠢᠨ᠎ᠡ ᠬᠠᠭᠤᠳᠠᠰᠤ — ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠪᠠ ᠵᠥᠪᠯᠡᠯᠲᠦ ᠶᠢᠨ ᠤᠯᠤᠰ ᠢᠶᠠᠨ ᠬᠠᠮᠠᠭᠠᠯᠠᠬᠤ ᠠᠭᠤᠤ ᠶᠡᠭᠡ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠳᠤᠮᠳᠠᠳᠤ ᠣᠷᠣᠰ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ︾ ᠶᠢ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠣᠯᠣᠨ ᠣᠷᠣᠰ ᠤᠨ ᠪᠦᠭᠦ ᠣᠷᠣᠰ ᠤᠨ ᠤᠯᠤᠰ ᠤᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠺᠤᠮᠫᠠᠨᠢ ᠲᠤᠰ ᠡᠳᠦᠷ ᠮᠣᠰᠺᠸᠠ ᠳᠤ ᠬᠠᠮᠲᠤᠷᠠᠨ ᠡᠷᠭᠢᠯᠡᠪᠡ᠃ ᠲᠤᠰ ᠡᠳᠦᠷ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠪᠠᠰᠠ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ