ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ︽ᠬᠦᠷᠦᠯᠴᠡᠭᠦᠯᠵᠦ ᠲᠡᠷᠭᠡᠨ ᠳᠤ ᠰᠠᠭᠤᠬᠤ︾ ᠦᠢᠯᠡᠴᠢᠯᠡᠭᠡ ᠭᠠᠷᠭᠠᠪᠠ
ᠨᠡᠶᠢᠲᠡᠯᠡᠭᠰᠡᠨ ᠴᠠᠭ᠄
2025/5/9
050902.jpg
       ︵ᠰᠤᠷᠪᠤᠯᠵᠢᠯᠠᠭᠴᠢ ᠠᠨ ᠨᠠ︶ 5 ᠳ᠋ᠤᠭᠠᠷ ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠨᠢ ᠲᠣᠭᠠᠴᠠᠭ᠎ᠠ ᠡᠷᠳᠡᠨᠢ ᠶᠢᠨ ︽ᠬᠦᠷᠦᠯᠴᠡᠭᠦᠯᠵᠦ ᠲᠡᠷᠭᠡᠨ ᠳᠤ ᠰᠠᠭᠤᠬᠤ︾ ᠦᠢᠯᠡᠴᠢᠯᠡᠭᠡ ᠶᠢ ᠵᠢᠩᠬᠢᠨᠢ ᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠪᠤᠵᠤ ᠰᠠᠭᠤᠬᠤ ᠳᠤ ᠡᠨᠧᠷᠭᠢ ᠣᠯᠭᠤᠵᠤ᠂ ᠬᠤᠲᠠ ᠶᠢᠨ ᠠᠷᠠᠳ᠂ ᠵᠤᠭᠠᠴᠠᠭᠰᠠᠳ ᠲᠤ ᠤᠷᠢᠳ ᠡᠮᠦᠨ᠎ᠡ ᠪᠠᠢᠭ᠎ᠠ ᠦᠭᠡᠢ ᠳᠥᠭᠦᠮ ᠦᠵᠡᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠠᠶᠠᠨᠴᠢᠳ NFC ᠴᠢᠳᠠᠮᠵᠢ ᠲᠠᠢ ᠭᠠᠷ ᠤᠲᠠᠰᠤ ᠪᠠᠨ ᠭᠠᠵᠠᠷ ᠳᠣᠣᠷᠠᠬᠢ ᠲᠡᠮᠦᠷ ᠵᠠᠮ ᠤᠨ ᠣᠷᠣᠵᠤ ᠭᠠᠷᠬᠤ ᠭᠠᠵᠠᠷ ᠪᠤᠶᠤ ᠨᠡᠪᠲᠡᠷᠡᠬᠦ ᠵᠠᠮ ᠳᠠᠬᠢ ᠣᠶᠤᠨᠴᠢ ᠨᠠᠭᠠᠯᠲᠠ ᠳᠤ ᠬᠦᠷᠦᠯᠴᠡᠭᠦᠯᠪᠠᠯ᠂ ᠲᠣᠭᠠᠴᠠᠭ᠎ᠠ ᠡᠷᠳᠡᠨᠢ ᠶᠢᠨ ᠵᠢᠵᠢᠭ ᠫᠷᠤᠭ᠍ᠷᠠᠮ ᠳᠤ ᠰᠢᠯᠵᠢᠨ᠂ ︽ᠲᠡᠷᠭᠡᠨ ᠳᠤ ᠭᠠᠷᠬᠤ︾ ᠶᠢ ᠳᠠᠷᠤᠪᠠᠯ ᠳᠠᠷᠤᠢ ᠺᠣᠳ᠋ ᠰᠢᠷᠪᠢᠵᠦ ᠥᠷᠲᠡᠭᠡᠨ ᠳᠤ ᠣᠷᠣᠵᠤ ᠪᠣᠯᠤᠨ᠎ᠠ᠃ ᠡᠨᠡ ᠬᠦ ᠰᠢᠨ᠎ᠡ ᠦᠢᠯᠡᠴᠢᠯᠡᠭᠡ ᠨᠢ ᠲᠡᠷᠭᠡᠨ ᠳᠤ ᠰᠠᠭᠤᠬᠤ ᠶᠠᠪᠤᠴᠠ ᠶᠢ ᠳᠥᠭᠦᠮᠴᠢᠯᠡᠭᠰᠡᠨ ᠢᠶᠠᠷ ᠪᠠᠷᠠᠬᠤ ᠦᠭᠡᠢ ᠪᠠᠰᠠ ᠠᠶᠠᠨᠴᠢᠳ ᠲᠤ ᠲᠡᠷᠭᠡᠨ ᠤ ᠴᠠᠭ ᠮᠥᠴᠡ ᠶᠢ ᠲᠦᠷᠭᠡᠨ ᠡᠵᠡᠮᠰᠢᠭᠦᠯᠵᠦ᠂ ᠥᠨᠳᠥᠷ ᠪᠦᠲᠦᠮᠵᠢᠲᠡᠶ ᠪᠠᠷ ᠭᠠᠳᠠᠭᠰᠢ ᠭᠠᠷᠬᠤ ᠶᠢ ᠪᠡᠶᠡᠯᠡᠭᠦᠯᠵᠦ ᠴᠢᠳᠠᠨ᠎ᠠ᠃ ᠣᠳᠣᠬᠠᠨ ᠳᠤ᠂ ᠲᠣᠰ ᠦᠢᠯᠡᠴᠢᠯᠡᠭᠡ ᠨᠢ ᠨᠢᠭᠡᠨᠲᠡ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠪᠦᠬᠦ ᠱᠤᠭᠤᠮ ᠤᠨ ᠥᠷᠲᠡᠭᠡ ᠴᠡᠭ ᠢ ᠪᠦᠷᠬᠦᠪᠡ᠃      ᠠᠮᠤᠷ ᠲᠦᠪᠰᠢᠨ ᠬᠢᠭᠡᠳ ᠲᠣᠭᠲᠠᠭᠤᠨ ᠢ ᠪᠠᠲᠤᠯᠠᠬᠤ ᠲᠠᠯ᠎ᠠ ᠪᠠᠷ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠠᠴᠠ ᠨᠢᠭᠤᠴᠠᠯᠠᠬᠤ ᠮᠡᠷᠭᠡᠵᠢᠯ ᠢ ᠬᠡᠷᠡᠭᠯᠡᠨ ᠬᠡᠷᠡᠭᠯᠡᠭᠴᠢ ᠶᠢᠨ ᠲᠤᠭ᠎ᠠ ᠪᠠᠷᠢᠮᠲᠠ ᠶᠢ ᠬᠠᠮᠠᠭᠠᠯᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃ ᠰᠢᠰᠲ᠋ᠧᠮ ᠨᠢ ᠴᠢᠩᠭ᠎ᠠ ᠰᠢᠯᠭᠠᠨ ᠲᠤᠷᠰᠢᠯᠲᠠ ᠪᠠᠷ ᠳᠠᠮᠵᠢᠨ᠂ ᠠᠵᠢᠯᠯᠠᠭᠠᠨ ᠨᠢ ᠲᠣᠭᠲᠠᠭᠤᠨ ᠤᠷᠤᠰᠤᠮ᠎ᠠ ᠪᠠᠶᠢᠵᠤ᠂ ᠠᠶᠠᠨᠴᠢᠳ ᠲᠤ ᠨᠠᠶᠢᠳᠠᠪᠤᠷᠢᠲᠠᠶ ᠶᠠᠪᠤᠵᠤ ᠰᠠᠭᠤᠬᠤ ᠪᠠᠲᠤᠯᠠᠭ᠎ᠠ ᠬᠠᠩᠭᠠᠪᠠ᠃      ︽ᠬᠦᠷᠦᠯᠴᠡᠭᠦᠯᠵᠦ ᠲᠡᠷᠭᠡᠨ ᠳᠤ ᠰᠠᠭᠤᠬᠤ︾ ᠦᠢᠯᠡᠴᠢᠯᠡᠭᠡ ᠨᠢ ᠠᠶᠠᠨᠴᠢᠳ ᠢ ᠤᠯᠠᠮᠵᠢᠯᠠᠯᠲᠤ ᠪᠢᠯᠧᠲ ᠬᠤᠳᠠᠯᠳᠤᠨ ᠠᠪᠴᠤ ᠮᠥᠷᠯᠡᠬᠦ ᠠᠴᠠ ᠠᠩᠭᠢᠵᠢᠷᠠᠭᠤᠯᠤᠨ᠂ ᠲᠦᠷᠭᠡᠨ ᠨᠡᠪᠲᠡᠷᠡᠬᠦ ᠶᠢ ᠪᠡᠶᠡᠯᠡᠭᠦᠯᠬᠦ ᠶᠢᠨ ᠬᠠᠮᠲᠤ᠂ ᠲᠣᠭᠠᠴᠠᠭ᠎ᠠ ᠡᠷᠳᠡᠨᠢ ᠵᠢᠵᠢᠭ ᠫᠷᠤᠭ᠍ᠷᠠᠮ ᠳᠤ ᠪᠠᠰᠠ ᠵᠠᠮ ᠱᠤᠭᠤᠮ᠂ ᠴᠠᠭ ᠤᠨ ᠬᠦᠰᠦᠨᠦᠭᠲᠦ᠂ ᠥᠷᠲᠡᠭᠡ ᠴᠡᠭ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ ᠴᠢᠳᠠᠮᠵᠢ ᠶᠢ ᠬᠠᠩᠭᠠᠵᠤ᠂ ᠣᠯᠠᠨ ᠶᠠᠩᠵᠤ ᠶᠢᠨ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ