| ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠳᠤ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠭᠰᠡᠨ ᠤ ᠳᠠᠷᠠᠭ᠎ᠠ | ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | ᠰᠢ ᠶᠢᠨ ᠫᠢᠩ᠂ ᠪᠢ ᠰᠠᠶ᠋ᠢᠬᠠᠨ ᠶᠡᠷᠦᠩᠬᠡᠶᠢᠯᠡᠭᠴᠢ ᠫᠦᠲ᠋ᠢᠨ ᠲᠠᠢ ᠭᠦᠨᠵᠡᠭᠡᠢ ᠨᠥᠭᠦᠷᠰᠡᠭ᠂ ᠪᠠᠶᠠᠯᠢᠭ ᠦᠷ᠎ᠡ ᠪᠦᠲᠦᠭᠡᠯ ᠲᠠᠢ ᠬᠡᠯᠡᠯᠴᠡᠭᠡ ᠬᠢᠵᠦ᠂ ᠮᠠᠰᠢ | ᠤᠯᠠᠨ ᠰᠢᠨ᠎ᠡ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠪᠢᠳᠡ ᠬᠠᠮᠲᠤ ᠪᠠᠷ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ | ᠬᠤᠯᠪᠣᠭᠠᠨ ᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ | ᠢᠯᠠᠯᠲᠠ ᠣᠯᠣᠭᠰᠠᠨ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ | ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠵᠤ᠂ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠤᠯᠠᠨ ᠬᠤᠪᠢ ᠬᠠᠮᠲᠤᠷᠠᠯᠴᠠᠭᠠᠨ ᠤ ᠪᠢᠴᠢᠭ ᠰᠣᠯᠢᠯᠴᠠᠵᠤ᠂ ᠳᠤᠮᠳᠠᠳᠤ ᠤᠷᠤᠰ ᠤᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠭᠰᠡᠨ ᠢ | ᠭᠡᠷᠡᠴᠢᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠷᠤᠰ ᠪᠣᠯ ᠮᠢᠨᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠬᠤᠪᠢ ᠪᠠᠷ ᠬᠠᠮᠤᠭ ᠤᠨ ᠤᠯᠠᠨ | ᠠᠶᠢᠯᠴᠢᠯᠠᠯᠲᠠ ᠬᠢᠭᠰᠡᠨ ᠤᠯᠤᠰ ᠪᠠᠶᠢᠵᠤ᠂ ᠡᠨᠡ ᠤᠳᠠᠭ᠎ᠠ ᠪᠣᠯ ᠠᠷᠪᠠᠨ ᠨᠢᠭᠡᠳᠦᠭᠡᠷ ᠤᠳᠠᠭ᠎ᠠ ᠤᠷᠤᠰ ᠲᠤ ᠢᠷᠡᠵᠦ ᠪᠠᠶᠢᠭ᠎ᠠ ᠶᠠᠪᠤᠳᠠᠯ ᠪᠣᠯᠣᠨ᠎ᠠ᠃ ᠮᠠᠷᠭᠠᠰᠢ ᠪᠢ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ | ᠣᠷᠣᠯᠴᠠᠨ᠎ᠠ᠂ ᠡᠨᠡ ᠨᠢ ᠮᠥᠨ ᠴᠦ ᠪᠢ 10 ᠵᠢᠯ ᠤᠨ ᠲᠠᠷᠠᠭ᠎ᠠ ᠡᠨᠡ ᠬᠦ ᠦᠪᠡᠳᠡᠭᠰᠢ ᠶᠡᠭᠡ ᠳᠤᠷᠠᠰᠬᠠᠬᠤ ᠠᠵᠢᠯᠯᠠᠭ᠎ᠠ ᠳᠤ ᠳᠠᠬᠢᠨᠲᠠ ᠣᠷᠤᠯᠴᠠᠬᠤ ᠶᠠᠪᠤᠳᠠᠯ | ᠪᠣᠯᠣᠨ᠎ᠠ᠃ ᠥᠩᠭᠡᠷᠡᠭᠰᠡᠨ 10 ᠵᠢᠯ ᠪᠣᠯ ᠳᠡᠯᠡᠬᠡᠢ ᠶᠢᠨ ᠪᠠᠶᠢᠳᠠᠯ ᠳᠤ ᠶᠡᠭᠡ ᠦᠢᠮᠡᠭᠡᠨ ᠶᠡᠭᠡ ᠬᠤᠪᠢᠰᠤᠯᠲᠠ ᠭᠠᠷᠤᠭᠰᠠᠨ 10 ᠵᠢᠯ ᠮᠥᠨ᠂ ᠪᠠᠰᠠ ᠴᠤ ᠳᠤᠮᠳᠠᠳᠤ | ᠤᠷᠤᠰ ᠤᠨ ᠬᠠᠷᠢᠯᠴᠠᠭᠠᠨ ᠤ ᠶᠡᠭᠡ ᠬᠥᠭᠵᠢᠯᠲᠡ ᠶᠡᠭᠡ ᠳᠠᠪᠠᠯᠲᠠ ᠲᠠᠢ ᠪᠣᠯᠤᠭᠰᠠᠨ 10 ᠵᠢᠯ ᠮᠥᠨ᠃ ᠪᠢᠳᠡ ᠳᠤᠮᠳᠠᠳᠤ ᠣᠷᠣᠰ ᠬᠤᠶᠠᠷ ᠤᠯᠤᠰ ᠤᠨ ᠤᠯᠤᠰ | ᠲᠥᠷᠥ ᠶᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠨ ᠭᠦᠨᠵᠡᠭᠡᠶᠢᠷᠡᠬᠦ ᠶᠢ ᠬᠠᠮᠲᠤ ᠪᠠᠷ ᠭᠡᠷᠡᠴᠢᠯᠡᠵᠦ᠂ ᠬᠤᠶᠠᠷ ᠤᠯᠤᠰ ᠤᠨ ᠡᠯ᠎ᠡ ᠬᠦᠷᠢᠶᠡᠨ ᠳᠠᠬᠢ | ᠬᠠᠮᠲᠤᠷᠠᠯᠴᠠᠭ᠎ᠠ ᠶᠢᠨ ︽ᠡᠳᠦᠷ ᠠᠴᠠ ᠡᠳᠦᠷ ᠥᠭᠡᠳᠡᠯᠡᠨ ᠳᠠᠪᠰᠢᠬᠤ︾ ᠶᠢ ᠭᠡᠷᠡᠴᠢᠯᠡᠪᠡ᠃ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ | ᠲᠡᠦᠬᠡ ᠶᠢᠨ ᠬᠤᠪᠢᠷᠠᠯᠲᠠ ᠶᠢᠨ ᠡᠮᠦᠨ᠎ᠡ ᠳᠤᠮᠳᠠᠳᠤ ᠤᠷᠤᠰ ᠬᠤᠶᠠᠷ ᠤᠯᠤᠰ ᠬᠤᠶᠠᠷ ᠲᠠᠯ᠎ᠠ ᠶᠢᠨ ᠬᠠᠷᠢᠯᠴᠠᠭᠠᠨ ᠤ ᠤᠷᠤᠭᠰᠢᠯᠠᠯᠲᠠ ᠶᠢᠨ ᠴᠢᠭᠯᠡᠯ ᠪᠣᠯᠣᠨ ᠬᠥᠮᠥᠨ | ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠶᠡᠭᠡ ᠬᠠᠨᠳᠤᠰᠢ ᠶᠢ ᠪᠠᠲᠤ ᠡᠵᠡᠮᠳᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠦᠭᠦ ᠲᠠᠯ᠎ᠠ ᠪᠠᠷ | ᠬᠠᠮᠵᠢᠯᠴᠠᠵᠤ᠂ ᠬᠤᠶᠠᠷ ᠤᠯᠤᠰ ᠤᠨ ᠬᠥᠭᠵᠢᠯ ᠮᠠᠨᠳᠤᠯ ᠢ ᠠᠬᠢᠭᠤᠯᠬᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠦᠨ᠎ᠡ᠃ | ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢ ᠪᠠᠷᠢᠮᠲᠠᠯᠠᠵᠤ᠂ ᠳᠠᠪᠲᠠᠭᠳᠠᠨ ᠪᠣᠯᠪᠠᠰᠤᠷᠠᠭᠰᠠᠨ ᠵᠢᠩᠬᠢᠨᠢ ᠨᠠᠶᠢᠵᠠ ᠪᠣᠯᠣᠨ᠎ᠠ᠃ 80 ᠵᠢᠯ ᠤᠨ ᠡᠮᠦᠨ᠎ᠡ | ᠴᠡᠷᠢᠭᠯᠡᠬᠦ ᠦᠵᠡᠯ ᠪᠣᠯᠣᠨ ᠨᠠᠼᠢᠰ ᠦᠵᠡᠯ ᠤᠨ ᠨᠢᠭᠦᠯᠲᠦ ᠰᠠᠪᠠᠷ ᠤᠨ ᠡᠮᠦᠨ᠎ᠡ ᠳᠤᠮᠳᠠᠳᠤ ᠤᠷᠤᠰ ᠬᠤᠶᠠᠷ ᠤᠯᠤᠰ ᠤᠨ ᠴᠡᠷᠢᠭ ᠠᠷᠠᠳ ᠬᠠᠷᠭᠢᠰ ᠳᠠᠶᠢᠰᠤᠨ ᠢ | ᠬᠠᠮᠲᠤ ᠪᠠᠷ ᠬᠤᠷᠣᠰᠤᠨ ᠡᠰᠡᠷᠭᠦᠴᠡᠵᠦ᠂ ᠮᠥᠷᠥ ᠵᠡᠷᠭᠡᠴᠡᠨ ᠪᠠᠶᠢᠯᠳᠤᠵᠤ᠂ ᠰᠦᠷ ᠳᠠᠯᠠᠶᠢᠴᠠᠲᠠᠢ ᠮᠠᠭᠲᠠᠨ ᠳᠠᠭᠤᠯᠠᠭᠤᠰᠢᠲᠠᠢ ᠲᠡᠦᠬᠡ ᠶᠢᠨ ᠬᠠᠭᠤᠳᠠᠰᠤ ᠶᠢ | ᠪᠢᠴᠢᠭᠯᠡᠭᠰᠡᠨ ᠶᠤᠮ᠃ ᠬᠤᠶᠠᠷ ᠤᠯᠤᠰ ᠤᠨ ᠠᠷᠠᠳ ᠲᠦᠮᠡᠨ ᠤ ᠴᠢᠰᠤ ᠪᠠ ᠭᠠᠯ ᠤᠨ ᠳᠤᠮᠳᠠ ᠳᠠᠪᠲᠠᠭᠳᠠᠨ ᠪᠦᠷᠢᠯᠳᠦᠭᠰᠡᠨ ᠠᠭᠤᠤ ᠶᠡᠭᠡ ᠨᠥᠬᠦᠷᠯᠡᠯ ᠨᠢ ᠬᠤᠶᠠᠷ | ᠲᠠᠯ᠎ᠠ ᠶᠢᠨ ᠬᠠᠷᠢᠯᠴᠠᠭ᠎ᠠ ᠶᠢᠨ ᠥᠨᠳᠥᠷ ᠲᠦᠪᠰᠢᠨ ᠪᠦᠬᠦᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠳᠤᠮᠳᠠᠳᠤ ᠤᠷᠤᠰ ᠬᠤᠶᠠᠷ | ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ | ᠲᠠᠯ᠎ᠠ ᠶᠢᠨ ᠬᠠᠷᠢᠯᠴᠠᠭ᠎ᠠ ᠶᠢᠨ ᠨᠡᠩ ᠪᠣᠯᠪᠠᠰᠤᠷᠠᠩᠭᠤᠢ ᠪᠠ ᠪᠠᠲᠤ ᠴᠢᠩᠭ᠎ᠠ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠨ᠎ᠠ᠃ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠠᠷᠢᠯᠴᠠᠨ ᠠᠮᠵᠢᠯᠲᠠ ᠣᠯᠣᠭᠰᠠᠨ ᠰᠠᠶᠢᠨ ᠬᠠᠨᠢᠲᠠᠨ ᠪᠣᠯᠣᠨ᠎ᠠ᠃ ᠳᠡᠯᠡᠬᠡᠢ ᠶᠢᠨ | ᠬᠤᠶᠠᠳᠤᠭᠠᠷ ᠶᠡᠭᠡ ᠲᠠᠶᠢᠨ ᠤ ᠬᠤᠭᠤᠴᠠᠭᠠᠨ ᠳᠤ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠬᠠᠷᠢᠯᠴᠠᠨ ᠶᠡᠭᠡ ᠬᠡᠮᠵᠢᠶᠡᠨ ᠤ ᠪᠠᠴᠢᠮ ᠬᠡᠷᠡᠭᠰᠡᠬᠦ ᠡᠳ᠋ | ᠪᠣᠳᠠᠰ ᠬᠦᠷᠭᠡᠭᠰᠡᠨ ᠠᠴᠠ ᠠᠪᠤᠭᠠᠳ ᠡᠳᠦᠭᠡ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠦᠭᠰᠡᠨ ᠭᠦᠷᠲᠡᠯ᠎ᠡ | ᠳᠤᠮᠳᠠᠳᠤ ᠤᠷᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ︽ᠲᠦᠷᠭᠡᠨ ᠤ ᠭᠠᠯᠲᠤ ᠲᠡᠷᠭᠡ︾ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠤᠶᠢᠯ ᠤᠨ | ᠶᠡᠷᠦ ᠪᠤᠰᠤ ᠶᠢᠨ ᠲᠡᠦᠬᠡᠨ ᠶᠠᠪᠤᠴᠠ ᠶᠢ ᠥᠩᠭᠡᠷᠡᠭᠦᠯᠵᠡᠢ᠃ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠡᠯ᠎ᠡ ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠪᠣᠳᠠᠰ ᠤᠨ ᠰᠠᠭᠤᠷᠢ ᠶᠢ ᠪᠠᠬᠢᠵᠢᠭᠦᠯᠵᠦ | ᠂ ᠬᠤᠶᠠᠷ ᠤᠯᠤᠰ ᠤᠨ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠪᠦᠭᠦ ᠪᠥᠮᠪᠥᠷᠴᠡᠭ ᠤᠨ ᠬᠥᠭᠵᠢᠯᠲᠡ ᠳᠤ ᠨᠡᠩ ᠬᠦᠴᠦᠷᠬᠡᠭ ᠶᠡᠭᠡ | ᠬᠥᠳᠡᠯᠭᠡᠬᠦ ᠡᠨᠧᠷᠭᠢ ᠨᠡᠮᠡᠷᠢᠯᠡᠨ᠎ᠡ᠃ | ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠣᠨ᠎ᠠ᠃ ᠳᠤᠮᠳᠠᠳᠤ ᠤᠯᠤᠰ ᠪᠣᠯᠣᠨ | ᠣᠷᠣᠰ ᠬᠤᠶᠠᠳᠤᠭᠠᠷ ᠤᠳᠠᠭᠠᠨ ᠤ ᠳᠡᠯᠡᠬᠡᠢ ᠶᠢᠨ ᠶᠡᠭᠡ ᠳᠠᠶᠢᠨ ᠤ ᠠᠽᠢᠶ᠎ᠠ ᠲᠢᠪ ᠪᠣᠯᠣᠨ ᠡᠸᠦ᠋ᠷᠦᠫᠡ ᠲᠢᠪ ᠤᠨ ᠭᠤᠣᠯ ᠳᠠᠶᠢᠨ ᠤ ᠲᠠᠯᠠᠪᠤᠷ ᠪᠣᠯᠤᠭᠰᠠᠨ ᠤ | ᠬᠤᠪᠢ ᠳᠤ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠶᠢ ᠣᠯᠬᠤ ᠳᠤ ᠰᠢᠢᠳᠪᠦᠷᠢᠲᠦ ᠴᠢᠨᠠᠷᠲᠠᠢ ᠬᠤᠪᠢ ᠨᠡᠮᠡᠷᠢ ᠦᠵᠡᠭᠦᠯᠦᠭᠰᠡᠨ ᠪᠥᠭᠡᠳ ᠳᠠᠶᠢᠨ ᠤ | ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠤᠨ ᠪᠠᠶᠢᠭᠤᠯᠤᠭᠳᠠᠬᠤ ᠰᠠᠭᠤᠷᠢ ᠶᠢ ᠲᠠᠯᠪᠢᠭᠰᠠᠨ ᠪᠠᠶᠢᠨ᠎ᠠ᠃ ᠳᠡᠯᠡᠬᠡᠢ ᠨᠡᠶᠢᠭᠡᠮ ᠤᠨ ᠲᠣᠭᠲᠠᠭᠤᠨ᠂ ᠢᠳᠡᠪᠬᠢᠲᠡᠢ᠂ | ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠤᠷᠤᠰ ᠬᠤᠶᠠᠷ ᠤᠯᠤᠰ ᠦᠷᠭᠦᠯᠵᠢᠯᠡᠨ ᠡᠷᠡᠰ ᠪᠠᠲᠤ ᠪᠠᠷ ᠬᠠᠮᠲᠤ ᠵᠣᠭᠰᠣᠵᠤ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ | ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ ᠶᠢ ᠦᠷᠭᠦᠯᠵᠢᠯᠡᠨ ᠠᠬᠢᠭᠤᠯᠤᠨ᠎ᠠ᠃ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠳᠠᠭᠠᠭᠤᠯᠤᠭᠴᠢ ᠪᠣᠯᠣᠨ᠎ᠠ᠃ ᠳᠡᠯᠡᠬᠡᠢ ᠶᠢᠨ | ᠢᠷᠡᠭᠡᠳᠦᠢ ᠬᠤᠪᠢ ᠵᠠᠶᠠᠭ᠎ᠠ ᠶᠢ ᠡᠯ᠎ᠡ ᠤᠯᠤᠰ ᠬᠠᠮᠲᠤ ᠪᠠᠷ ᠡᠵᠡᠮᠰᠢᠪᠡᠯ ᠵᠣᠬᠢᠨ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ | ᠬᠠᠮᠲᠤ ᠪᠠᠷ ᠡᠳ᠋ᠯᠡᠪᠡᠯ ᠵᠣᠬᠢᠨ᠎ᠠ᠃ ᠳᠤᠮᠳᠠᠳᠤ ᠤᠷᠤᠰ ᠴᠥᠮ ᠳᠡᠯᠡᠬᠡᠢ ᠶᠢᠨ ᠲᠣᠮᠣ ᠤᠯᠤᠰ ᠪᠠ ᠴᠢᠬᠤᠯᠠ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ | ᠪᠣᠯᠬᠤᠷ ᠴᠥᠮ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠡᠷᠬᠢᠮ ᠳᠡᠭᠡᠳᠦ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ | ᠲᠠᠯᠠᠲᠤ ᠦᠵᠡᠯ ᠢ ᠪᠠᠲᠤ ᠰᠠᠬᠢᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠵᠥᠪ ᠴᠢᠭᠯᠡᠯ ᠢᠶᠠᠷ ᠬᠥᠲᠥᠯᠥᠨ ᠳᠠᠭᠠᠭᠤᠯᠵᠤ᠂ ᠲᠦᠭᠡᠮᠡᠯ ᠬᠠᠷᠠᠭᠠᠯᠵᠠᠯᠲᠤ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠷᠪᠠᠭᠠᠨ ᠬᠥᠷᠪᠡᠭᠡᠨ ᠬᠤᠪᠢᠷᠠᠯᠲᠠ ᠰᠤᠯᠪᠢᠴᠠᠨ ᠣᠷᠣᠰᠢᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠤᠷᠤᠰ ᠬᠤᠶᠠᠷ ᠤᠯᠤᠰ | ᠥᠨᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠶᠢ ᠡᠷᠡᠰ ᠪᠠᠷᠢᠮᠲᠠᠯᠠᠵᠤ᠂ ᠰᠠᠯᠬᠢ ᠪᠣᠷᠣᠭᠠᠨ ᠢ ᠬᠠᠮᠲᠤ ᠪᠠᠷ ᠥᠩᠭᠡᠷᠡᠭᠦᠯᠵᠦ᠂ ᠬᠦᠴᠢᠷ | ᠪᠡᠷᠬᠡᠰᠢᠶᠡᠯ ᠢ ᠬᠠᠮᠲᠤ ᠪᠠᠷ ᠲᠤᠭᠤᠯᠵᠤ᠂ ᠳᠤᠮᠳᠠᠳᠤ ᠤᠷᠤᠰ ᠤᠨ ᠬᠠᠷᠢᠯᠴᠠᠭᠠᠨ ᠤ ᠥᠨᠳᠥᠷᠴᠡ᠂ ᠥᠷᠭᠡᠴᠡ᠂ ᠤᠶᠠᠨ ᠬᠠᠳᠠᠨ ᠴᠢᠨᠠᠷ ᠢ ᠪᠦᠭᠦ ᠲᠠᠯ᠎ᠠ ᠪᠠᠷ | ᠳᠡᠭᠡᠭᠰᠢᠯᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠳᠤ ᠨᠡᠩ ᠤᠯᠠᠨ ᠲᠣᠭᠲᠠᠭᠤᠨ ᠴᠢᠨᠠᠷ ᠨᠡᠮᠡᠷᠢᠯᠡᠵᠦ᠂ ᠪᠦᠭᠦ ᠪᠥᠮᠪᠥᠷᠴᠡᠭ ᠤᠨ | ᠬᠥᠭᠵᠢᠯ ᠴᠡᠴᠡᠭᠯᠡᠯ ᠳᠤ ᠨᠡᠩ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ ᠭᠡᠵᠦ ᠴᠢᠬᠤᠯᠠᠴᠢᠯᠠᠪᠠ᠃ | ᠼᠠᠢ ᠴᠢ᠂ ᠸᠠᠩ ᠢ ᠨᠠᠷ ᠣᠷᠣᠯᠴᠠᠵᠠᠢ᠃ | | | | | |