︽5.1︾ ᠤ ᠠᠮᠠᠷᠠᠯᠲᠠ ᠶᠢᠨ ᠬᠤᠭᠤᠴᠠᠭᠠᠨ ᠳᠤ ᠲᠠᠯ᠎ᠠ ᠨᠤᠲᠤᠭ ᠤᠨ ᠲᠡᠮᠦᠷ ᠵᠠᠮ ᠠᠶᠠᠨᠴᠢᠳ ᠢ 149.5 ᠲᠦᠮᠡᠨ ᠬᠥᠮᠦᠨ ᠤᠳᠠᠭ᠎ᠠ ᠬᠦᠷᠭᠡᠪᠡ
ᠨᠡᠶᠢᠲᠡᠯᠡᠭᠰᠡᠨ ᠴᠠᠭ᠄
2025/5/9
      ︵ᠰᠤᠷᠪᠤᠯᠵᠢᠯᠠᠭᠴᠢ ᠶᠦᠨ ᠶᠠᠨ ᠹᠠᠩ︶ 2025 ᠣᠨ ᠤ 4 ᠳ᠋ᠦ᠋ᠭᠡᠷ ᠰᠠᠷ᠎ᠠ ᠶᠢᠨ 29 ᠤ ᠡᠳᠦᠷ ᠠᠴᠠ 5 ᠳ᠋ᠤᠭᠠᠷ ᠰᠠᠷ᠎ᠠ ᠶᠢᠨ 6 ᠤ ᠡᠳᠦᠷ ᠪᠣᠯᠲᠠᠯ᠎ᠠ᠂ 8 ᠡᠳᠦᠷ ᠤᠨ ᠬᠤᠭᠤᠴᠠᠭ᠎ᠠ ᠲᠠᠢ ᠲᠡᠮᠦᠷ ᠵᠠᠮ ᠤᠨ ︽5 · 1︾ ᠤ ᠠᠮᠠᠷᠠᠯᠲᠠ ᠶᠢᠨ ᠬᠤᠭᠤᠴᠠᠭᠠᠨ ᠤ ᠲᠡᠭᠡᠭᠡᠪᠦᠷᠢ ᠶᠢᠨ ᠡᠭᠦᠷᠭᠡ ᠳᠠᠭᠤᠰᠴᠤ᠂ ᠲᠠᠯ᠎ᠠ ᠨᠤᠲᠤᠭ ᠤᠨ ᠲᠡᠮᠦᠷ ᠵᠠᠮ ᠠᠶᠠᠨᠴᠢᠳ ᠢ ᠨᠡᠶᠢᠲᠡ 149.5 ᠲᠦᠮᠡᠨ ᠬᠥᠮᠦᠨ ᠤᠳᠠᠭ᠎ᠠ ᠬᠦᠷᠭᠡᠵᠦ᠂ ᠡᠳᠦᠷ ᠪᠦᠷᠢ ᠳᠤᠮᠳᠠᠴᠢ ᠪᠠᠷ ᠠᠶᠠᠨᠴᠢᠳ ᠢ 18.7 ᠲᠦᠮᠡᠨ ᠬᠥᠮᠦᠨ ᠤᠳᠠᠭ᠎ᠠ ᠬᠦᠷᠭᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ᠃ ᠡᠭᠦᠨ ᠳᠤ᠂ 5 ᠳ᠋ᠤᠭᠠᠷ ᠰᠠᠷ᠎ᠠ ᠶᠢᠨ 1 ᠤ ᠡᠳᠦᠷ ᠠᠶᠠᠨᠴᠢᠳ ᠢ 26.7 ᠲᠦᠮᠡᠨ ᠬᠥᠮᠦᠨ ᠤᠳᠠᠭ᠎ᠠ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠵᠦ᠂ ᠭᠠᠭᠴᠠ ᠡᠳᠦᠷ ᠤᠨ ᠠᠶᠠᠨᠴᠢᠳ ᠢ ᠭᠦᠷᠭᠡᠭᠰᠡᠨ ᠲᠡᠤᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠰᠢᠨᠡᠳᠬᠡᠪᠡ᠃      ᠡᠨᠡ ᠵᠢᠯ ᠤᠨ ︽5.1︾ ᠤ ᠠᠮᠠᠷᠠᠯᠲᠠ ᠶᠢᠨ ᠠᠶᠠᠨᠴᠢᠳ ᠤᠨ ᠤᠷᠤᠰᠬᠠᠯ ᠤᠨ ᠣᠷᠭᠢᠯ ᠬᠤᠭᠤᠴᠠᠭᠠᠨ ᠳᠤ᠂ ᠲᠠᠯ᠎ᠠ ᠨᠤᠲᠤᠭ ᠤᠨ ᠲᠡᠮᠦᠷ ᠵᠠᠮ ᠡᠳᠦᠷ ᠲᠤ ᠠᠶᠠᠨᠴᠢᠳ ᠤᠨ ᠴᠤᠪᠤᠭ᠎ᠠ ᠲᠡᠷᠭᠡ ᠶᠢ 144 ᠬᠤᠣᠰ ᠶᠠᠪᠤᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠵᠦ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ