ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ

ᠡᠮ ᠢᠳᠡᠭᠡᠨ ᠦ ᠲᠣᠪᠴᠢᠶ᠎ᠠ

ᠢᠳᠡᠭᠡᠨ ᠦ ᠵᠦᠢᠯ ᠡᠮ ᠦᠨ ᠵᠦᠢᠯ ᠦᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠬᠠᠷᠢᠭᠤᠴᠠᠯᠭ᠎ᠠ᠄ ᠬᠥᠬᠡᠬᠣᠲᠠ ᠶᠢᠨ ᠬᠠᠷᠢᠶ᠎ᠠ ᠲᠣᠭᠣᠷᠢᠭ ᠤᠨ ᠡᠮ ᠦᠨ ᠵᠦᠢᠯ ᠦᠨ ᠰᠣᠳᠣᠯᠣᠯᠲᠠ᠂ ᠦᠢᠯᠡᠳᠪᠦᠷᠢᠯᠡᠯᠲᠡ᠂ ᠭᠦᠢᠯᠭᠡᠭᠡ᠂ ᠬᠡᠷᠡᠭᠯᠡᠯᠲᠡ ᠳᠦ ᠬᠢᠨᠠᠯᠲᠠ ᠲᠠᠯᠪᠢᠨ᠂ ᠬᠡᠷᠡᠭᠯᠡᠭᠡᠨ ᠦ ᠦᠶᠡᠰ ᠦᠨ ᠢᠳᠡᠭᠡᠨ ᠦ ᠵᠦᠢᠯ ᠦᠨ ᠠᠮᠤᠷ ᠲᠥᠪᠰᠢᠨ ᠦ ᠬᠢᠨᠠᠨ ᠬᠠᠮᠢᠶᠠᠷᠤᠯᠲᠠ᠂ ᠡᠷᠡᠭᠦᠯᠵᠢᠯ ᠦᠨ ᠢᠳᠡᠭᠡᠨ ᠪᠠ ᠵᠠᠰᠠᠯ ᠤᠨ ᠬᠡᠷᠡᠭᠰᠡᠯ ᠦᠨ ᠠᠷᠢᠭᠤᠨ ᠴᠡᠪᠡᠷ ᠦᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠯᠪᠠᠨ ᠭᠡᠷ᠄ ᠬᠥᠬᠡᠬᠣᠲᠠ ᠶᠢᠨ ᠵᠢᠨ ᠴᠢᠶᠣᠣ ᠨᠡᠭᠡᠭᠡᠯᠲᠡ ᠶᠢᠨ ᠲᠣᠭᠣᠷᠢᠭ ᠤᠨ ᠱᠢ ᠵᠢᠢ ᠵᠢᠷᠭᠤᠳᠤᠭᠠᠷ ᠵᠠᠮ ᠬᠠᠷᠢᠯᠴᠠᠬᠤ ᠤᠳᠠᠰᠤ᠄ 4507201

ᠭᠠᠳᠠᠭᠠᠳᠤ ᠶᠠᠪᠤᠳᠠᠯ ᠤᠨ ᠭᠡᠯᠲᠡᠰ

《ᠦᠪᠦᠷ ᠮᠤᠡᠭ᠍ᠭᠤᠯ  ᠤᠨ ᠨᠠᠮ  ᠤᠨ ᠬᠤᠷᠢᠶ᠎ᠡ ᠂ ᠬᠦᠬᠡᠬᠤᠲᠠ  ᠶᠢᠨ ᠨᠠᠮ ᠵᠠᠰᠠᠭ  ᠤᠨ ᠪᠠᠶᠢᠭᠤᠯᠤᠮᠵᠢ  ᠶᠢ ᠦᠭᠡᠷᠡᠴᠢᠯᠡᠬᠦ ᠲᠦᠰᠦᠯ  ᠤᠨ ᠲᠤᠬᠠᠢ ᠵᠠᠰᠠᠭ  ᠤᠨ ᠤᠷᠳᠤᠨ  ᠤ ᠮᠡᠳᠡᠭᠳᠡᠯ 》(ᠦᠪᠦᠷ ᠨᠠᠮ ᠲᠠᠷᠬᠠᠭᠠᠭᠰᠠᠨ〔2001〕30 ᠳᠤᠭᠠᠷ ᠲᠤᠭᠠᠲᠦ) ᠤᠨ ᠵᠤᠷᠢᠭ ᠰᠠᠨᠠᠭ᠎ᠡ  ᠶᠢ ᠦᠨᠳᠦᠰᠦᠯᠡᠨ ᠂ ᠬᠤᠲᠠ  ᠶᠢᠨ ᠠᠷᠠᠳ  ᠤᠨ ᠵᠠᠰᠠᠭ  ᠤᠨ ᠤᠷᠳᠤᠨ  ᠤ ᠠᠯᠪᠠᠨ ᠲᠠᠡᠭᠬᠢᠮ  ᠤᠨ ᠬᠦᠬᠡᠬᠤᠲᠠ  ᠶᠢᠨ ᠠᠷᠠᠳ  ᠤᠨ ᠵᠠᠰᠠᠭ  ᠤᠨ ᠤᠷᠳᠤᠨ  ᠤ ᠭᠠᠳᠠᠭᠠᠳᠦ ᠶᠠᠪᠤᠳᠠᠯ  ᠤᠨ ᠠᠯᠪᠠᠨ ᠭᠡᠷ […]

ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ

ᠲᠦᠪ ᠂ ᠦᠪᠡᠷᠲᠡᠭᠡᠨ ᠵᠠᠰᠠᠬᠤ ᠤᠷᠤᠨ ᠪᠤᠯᠤᠨ ᠬᠤᠲᠠ  ᠶᠢᠨ ᠨᠠᠮ  ᠤᠨ ᠬᠤᠷᠢᠶ᠎ᠡ ᠂ ᠬᠤᠲᠠ  ᠶᠢᠨ ᠵᠠᠰᠠᠭ  ᠤᠨ ᠤᠷᠳᠤᠨ ᠵᠠᠬᠢᠳᠠᠯ ᠰᠤᠷᠪᠤᠯᠵᠢᠯᠠᠭ᠎ᠡ ᠶᠢᠨ ᠠᠵᠢᠯ  ᠤᠨ ᠲᠤᠬᠠᠢ ᠴᠢᠭᠯᠡᠯᠲᠡ  ᠶᠢᠨ ᠲᠦᠷᠦ  ᠶᠢᠨ ᠪᠤᠳᠤᠯᠭ᠎ᠡ  ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠂ ᠨᠠᠮ  ᠤᠨ ᠲᠦᠪ ᠬᠤᠷᠢᠶ᠎ᠡ ᠂ ᠲᠦᠷᠦ  ᠶᠢᠨ ᠶᠠᠪᠤᠳᠠᠯ  ᠤᠨ ᠬᠤᠷᠢᠶ᠎ᠡ ᠪᠤᠯᠤᠨ ᠦᠪᠡᠷᠲᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠡ ᠂ ᠵᠠᠰᠠᠭ  ᠤᠨ ᠤᠷᠳᠤᠨ ᠵᠢᠴᠢ ᠬᠤᠲᠠ  ᠶᠢᠨ […]

ᠬᠠᠤᠯᠢ ᠲᠥᠭᠡᠮᠡᠯᠵᠢᠭᠦᠯᠬᠦ ᠭᠡᠯᠲᠡᠰ

ᠤᠯᠤᠰ ᠤᠷᠤᠨ᠂ ᠦᠪᠡᠷᠲᠡᠭᠡᠨ ᠵᠠᠰᠠᠬᠤ ᠤᠷᠤᠨ  ᠤ ᠬᠤᠯᠪᠤᠭᠳᠠᠯ ᠪᠦᠬᠦᠢ ᠳᠦᠷᠢᠮ ᠠᠵᠢᠯ  ᠤᠨ ᠴᠢᠭᠯᠡᠯᠲᠡ ᠂ ᠲᠦᠷᠦ  ᠶᠢᠨ ᠪᠤᠳᠤᠯᠭ᠎ᠡ᠂ ᠬᠠᠤᠯᠢ ᠴᠠᠭᠠᠵᠠ᠂ ᠬᠠᠤᠯᠢ ᠳᠦᠷᠢᠮ ᠵᠡᠷᠭᠡ  ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠂ ᠬᠤᠲᠠ  ᠶᠢᠨ ᠠᠷᠠᠳ  ᠤᠨ ᠵᠠᠰᠠᠭ  ᠤᠨ ᠤᠷᠳᠤᠨ  ᠤ ᠬᠠᠤᠯᠢ ᠲᠤᠭᠲᠠᠭᠠᠬᠤ ᠠᠵᠢᠯ  ᠢ ᠨᠢᠭᠡᠳᠦᠯᠲᠠᠢ ᠲᠦᠯᠦᠪᠵᠢᠭᠦᠯᠬᠦ ᠂ ᠲᠤᠭᠤᠷᠪᠢᠨ ᠲᠤᠭᠲᠠᠭᠠᠵᠦ ᠂ ᠬᠤᠲᠠᠨ  ᠶᠢᠨ ᠵᠠᠰᠠᠭ  ᠤᠨ ᠤᠷᠳᠤᠨ  ᠤ ᠬᠠᠤᠯᠢ ᠲᠤᠭᠲᠠᠭᠠᠬᠤ ᠠᠵᠢᠯ  ᠤᠨ ᠲᠤᠬᠢᠷᠠᠭᠤᠯᠤᠯᠲᠠ ᠂ ᠬᠤᠲᠠ  ᠶᠢᠨ […]

ᠠᠷᠠᠳ ᠤᠨ ᠠᠭᠠᠷ ᠢ ᠰᠡᠷᠭᠡᠶᠢᠯᠡᠬᠦ ᠭᠡᠯᠲᠡᠰ

ᠤᠯᠤᠰ  ᠤᠨ ᠬᠤᠯᠪᠤᠭᠳᠠᠯ ᠪᠦᠬᠦᠢ ᠠᠷᠠᠳ  ᠤᠨ ᠠᠭᠠᠷ  ᠤᠨ ᠰᠡᠷᠭᠡᠶᠢᠯᠡᠯᠲᠡ  ᠶᠢᠨ ᠠᠵᠢᠯ   ᠤᠨ ᠬᠠᠤᠯᠢ ᠲᠤᠭᠲᠠᠭᠠᠯ ᠂ ᠴᠢᠭᠯᠡᠯᠲᠡ  ᠶᠢᠨ ᠲᠦᠷᠦ  ᠶᠢᠨ ᠪᠤᠳᠤᠯᠭ᠎ᠡ  ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠂ ᠬᠤᠯᠪᠤᠭᠳᠠᠯ ᠪᠦᠬᠦᠢ ᠠᠷᠠᠳ  ᠤᠨ ᠠᠭᠠᠷ  ᠤᠨ ᠰᠡᠷᠭᠡᠶᠢᠯᠡᠯᠲᠡ  ᠶᠢᠨ ᠠᠵᠢᠯ  ᠤᠨ ᠤᠷᠤᠨ ᠨᠤᠲᠤᠭ  ᠤᠨ ᠴᠢᠨᠠᠷᠲᠠᠢ ᠬᠠᠤᠯᠢ ᠳᠦᠷᠢᠮ  ᠤᠨ ᠡᠬᠡ ᠨᠤᠤᠷᠠᠭ  ᠢ ᠲᠤᠭᠤᠷᠪᠢᠨ ᠲᠤᠭᠲᠠᠭᠠᠵᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃

ᠮᠥᠩᠭᠥᠨ ᠭᠦᠢᠯᠡᠭᠡᠨ ᠦ ᠭᠡᠯᠲᠡᠰ

ᠤᠯᠤᠰ ᠤᠷᠤᠨ᠂ ᠦᠪᠡᠷᠲᠡᠭᠡᠨ ᠵᠠᠰᠠᠬᠤ ᠤᠷᠤᠨ  ᠤ ᠬᠤᠯᠪᠤᠭᠳᠠᠯ ᠪᠦᠬᠦᠢ ᠮᠦᠡᠭᠭᠦᠨ ᠭᠦᠢᠯᠭᠡᠭᠡᠨ  ᠤ ᠬᠠᠤᠯᠢ ᠴᠠᠭᠠᠵᠠ᠂ ᠳᠦᠷᠢᠮ ᠲᠤᠭᠲᠠᠭᠠᠯ ᠪᠠ ᠲᠦᠷᠦ  ᠶᠢᠨ ᠪᠤᠳᠤᠯᠭ᠎ᠡ ᠂ ᠰᠤᠳᠤᠯᠤᠯᠲᠠ ᠵᠡᠷᠭᠡ  ᠶᠢ ᠲᠤᠭᠤᠰᠢᠯᠠᠭᠤᠯᠤᠨ ᠬᠡᠷᠡᠭᠵᠢᠭᠦᠯᠵᠦ᠂ᠬᠤᠲᠠ  ᠶᠢᠨ ᠮᠦᠡᠭᠭᠦᠨ ᠭᠦᠢᠯᠭᠡᠭᠡᠨ  ᠤ ᠠᠵᠢᠯ  ᠤᠨ ᠳᠦᠷᠢᠮ ᠲᠤᠭᠲᠠᠭᠠᠯ ᠪᠤᠯᠤᠨ ᠮᠦᠡᠭᠭᠦᠨ ᠬᠦᠢᠯᠭᠡᠭᠡᠨ  ᠤ ᠪᠠᠶᠢᠭᠤᠯᠤᠮᠵᠢ ᠪᠡᠯᠡ ᠳᠤᠬᠢᠷᠠᠭᠤᠯᠭ᠎ᠡ  ᠶᠢᠨ ᠪᠠᠶᠢᠭᠤᠯᠤᠮᠵᠢ  ᠶᠢᠨ ᠬᠦᠭᠵᠢᠯᠲᠡ  ᠶᠢᠨ ᠠᠷᠭ᠎ᠡ ᠬᠡᠮᠵᠢᠶ᠎ᠡ  ᠶᠢ ᠲᠤᠭᠤᠷᠪᠢᠨ ᠲᠤᠭᠲᠠᠭᠠᠵᠦ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃

4 ᠳ᠋ᠤᠭᠠᠷ ᠬᠠᠭᠤᠳᠠᠰᠤ ᠂ 4 ᠬᠠᠭᠤᠳᠠᠰᠤ1234